ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠬᠤᠣᠷᠲᠤ ᠡᠳ᠋ ᠢ ᠴᠠᠭᠠᠵᠠᠯᠠᠬᠤ᠂ ᠬᠤᠣᠷᠲᠤ ᠡᠳ᠋ ᠢ | ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ | ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠦᠵᠡᠯᠲᠡ ᠶᠢ | ᠳᠡᠭᠡᠭᠰᠢᠯᠡᠭᠦᠯᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠲᠤ ︽ᠬᠤᠣᠷᠲᠤ ᠡᠳ᠋ ᠢ ᠰᠡᠷᠭᠡᠶᠢᠯᠡᠬᠦ | ᠲᠠᠷᠢᠯᠭ᠎ᠠ︾ ᠬᠢᠵᠦ ᠥᠭᠬᠦ ᠶᠢᠨ ᠲᠥᠯᠥᠭᠡ᠂ ᠣᠶᠢᠷ᠎ᠠ ᠳᠤ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠬᠥᠬᠡ ᠡᠷᠭᠢ ᠪᠠᠯᠭᠠᠰᠤᠨ ᠤ ᠲᠣᠮᠢᠯᠠᠭᠰᠠᠨ ᠰᠠᠯᠪᠤᠷᠢ ᠬᠤᠣᠷᠲᠤ ᠡᠳ᠋ ᠢ ᠴᠠᠭᠠᠵᠠᠯᠠᠬᠤ ᠶᠡᠭᠡ | ᠠᠩᠭᠢ ᠲᠠᠢ ᠬᠠᠮᠲᠤᠷᠠᠨ ᠦᠴᠦᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠬᠤᠣᠷᠲᠤ ᠡᠳ᠋ ᠢ | ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠪᠠ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ᠂ ᠵᠠᠷᠯᠠᠯ ᠨᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠲᠤ ᠬᠤᠣᠷᠲᠤ ᠡᠳ᠋ ᠤᠨ ᠲᠥᠷᠥᠯ ᠵᠦᠢᠯ᠂ | ᠬᠤᠣᠷ ᠬᠥᠨᠥᠭᠡᠯ ᠵᠢᠴᠢ ᠰᠡᠷᠭᠡᠶᠢᠯᠡᠬᠦ ᠵᠡᠷᠭᠡ ᠶᠡᠷᠦ ᠶᠢᠨ ᠮᠡᠳᠡᠯᠭᠡ ᠶᠢ ᠤᠬᠠᠭᠤᠯᠵᠤ᠂ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠵᠦᠢᠯ ᠵᠤᠷᠪᠤᠰ ᠶᠢ ᠨᠠᠷᠢᠨ ᠶᠠᠷᠢᠬᠤ ᠶᠢᠨ ᠬᠠᠮᠲᠤ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ ᠬᠤᠣᠷᠲᠤ ᠡᠳ᠋ ᠤᠨ ᠬᠤᠣᠷ ᠬᠥᠨᠥᠭᠡᠯᠳᠦ ᠴᠢᠨᠠᠷ ᠢ ᠨᠠᠷᠢᠨ ᠲᠠᠶᠢᠯᠪᠤᠷᠢᠯᠠᠪᠠ᠃ | | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠰᠤᠷᠭᠠᠭᠤᠯᠢ ᠶᠢᠨ ᠪᠠᠭᠰᠢ | ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ | ᠣᠯᠠᠨ ᠪᠠᠭᠰᠢ ᠰᠤᠷᠤᠭᠴᠢᠳ ᠲᠤ ᠬᠤᠣᠷᠲᠤ ᠡᠳ᠋ ᠤᠨ ᠬᠤᠣᠷ ᠬᠥᠨᠥᠭᠡᠯ ᠢ ᠲᠠᠨᠢᠭᠤᠯᠵᠤ᠂ ᠤᠬᠠᠮᠰᠠᠷ ᠠᠴᠠ ᠪᠠᠨ | ᠠᠮᠢ ᠨᠠᠰᠤ ᠪᠠᠨ ᠨᠠᠨᠳᠢᠩᠨᠠᠨ᠂ ᠬᠤᠣᠷᠲᠤ ᠡᠳ᠋ ᠠᠴᠠ ᠵᠠᠶᠢᠳᠠᠵᠤ᠂ ᠬᠤᠣᠷᠲᠤ ᠡᠳ᠋ ᠢ ᠴᠠᠭᠠᠵᠠᠯᠠᠬᠤ᠂ ᠬᠤᠣᠷᠲᠤ | ᠡᠳ᠋ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠬᠤ ᠶᠢᠨ ᠬᠠᠮᠲᠤ ᠵᠠᠯᠠᠭᠤᠴᠤᠳ ᠪᠠᠭᠠᠴᠤᠳ ᠤᠨ | ᠬᠠᠤᠯᠢ ᠪᠠᠷ ᠵᠠᠰᠠᠬᠤ ᠦᠵᠡᠯᠲᠡ ᠶᠢ ᠪᠣᠶ ᠪᠣᠯᠭᠠᠬᠤ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ | ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |