︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ | ᠳᠦᠷᠢ ᠲᠥᠷᠬᠦ ᠶᠢ ᠪᠤᠶ ᠪᠣᠯᠭᠠᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢᠨ ᠲᠥᠯᠥᠭᠡ᠂ ᠴᠠᠭᠳᠠᠭ᠎ᠠ ᠶᠢ ᠳᠤᠯᠠᠭᠠᠴᠠᠭᠤᠯᠵᠤ ᠴᠠᠭᠳᠠᠭ᠎ᠠ ᠶᠢ ᠬᠠᠶᠢᠷᠠᠯᠠᠬᠤ ᠰᠢᠨ᠎ᠡ ᠠᠷᠭ᠎ᠠ | ᠬᠡᠮᠵᠢᠶ᠎ᠡ ᠡᠭᠦᠳᠴᠦ᠂ ᠡᠩᠨᠡᠭᠡᠨ ᠤ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ 2023 ᠣᠨ ᠤ 6 ᠰᠠᠷ᠎ᠠ ᠶᠢᠨ 19 ᠤ ᠦᠳᠡ ᠶᠢᠨ ᠡᠮᠦᠨ᠎ᠡ᠂ ᠬᠥᠬᠡᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠪᠥᠷ ᠮᠣᠩᠭᠤᠯ ᠤᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠲᠤᠰᠬᠠᠢ | ᠮᠡᠷᠭᠡᠵᠢᠯᠲᠡᠨ ᠤ ᠪᠦᠯᠬᠦᠮ ᠢ ᠤᠷᠢᠵᠤ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ︽ | ᠴᠠᠭᠳᠠᠭ᠎ᠠ ᠡᠮᠴᠢ ᠬᠠᠮᠲᠤᠪᠠᠷ ᠪᠠᠶᠢᠭᠤᠯᠬᠤ︾ ᠲᠤᠰᠬᠠᠢ ᠰᠡᠳᠦᠪᠲᠦ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ | ᠪᠠ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠥᠷᠨᠢᠭᠦᠯᠵᠦ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠤᠯᠤᠰ ᠲᠦᠷᠦ ᠶᠢᠨ ᠬᠡᠯᠲᠡᠰ ᠤᠨ ᠳᠡᠳ᠋ ᠡᠷᠬᠢᠯᠡᠭᠴᠢ ᠯᠢᠦ ᠸᠧᠨ ᠭᠧ ᠨᠠᠷ ᠠᠵᠢᠯᠯᠠᠭ᠎ᠠ ᠳᠤ | ᠣᠷᠣᠯᠴᠠᠪᠠ᠃ | | | | | ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ | ᠰᠡᠳᠬᠢᠴᠡ ᠶᠢᠨ ᠲᠥᠪ ᠤᠨ ᠰᠡᠳᠬᠢᠴᠡ ᠶᠢᠨ ᠡᠮᠴᠢᠯᠡᠭᠡ ᠶᠢᠨ ᠰᠠᠯᠠᠭᠠᠨ ᠤ ᠡᠷᠬᠢᠯᠡᠭᠴᠢ ᠪᠠᠢ ᠶᠠᠨ ᠰᠢᠨ ᠡᠩ | ᠲᠡᠷᠢᠭᠦᠨ ᠳᠤ ᠥᠪᠡᠷ ᠢ ᠪᠠᠨ ᠰᠢᠯᠭᠠᠨ ᠦᠨᠡᠯᠡᠬᠦ ᠠᠷᠭ᠎ᠠ ᠮᠠᠶ᠋ᠢᠭ ᠢᠶᠠᠷ ᠪᠥᠬᠦ ᠠᠷᠠᠳ ᠤᠨ ᠴᠠᠭᠳᠠᠭ᠎ᠠ᠂ ᠲᠤᠰᠠᠯᠠᠬᠤ | ᠴᠠᠭᠳᠠᠭ᠎ᠠ ᠶᠢᠨ ᠵᠠᠩ ᠴᠢᠨᠠᠷ ᠤᠨ ᠣᠨᠴᠠᠯᠢᠭ ᠲᠤ ᠰᠢᠯᠭᠠᠯᠲᠠ ᠬᠢᠵᠦ᠂ ᠳᠠᠷᠠᠭ᠎ᠠ ᠪᠠᠷ ᠨᠢ ᠳᠠᠷᠤᠯᠲᠠ ᠶᠢᠨ | ᠬᠠᠮᠢᠶᠠᠷᠤᠯᠲᠠ ᠬᠢᠭᠡᠳ ᠰᠡᠳᠬᠢᠴᠡ ᠶᠢᠨ ᠡᠷᠡᠭᠦᠯ ᠮᠡᠨᠳᠦ ᠶᠢᠨ ᠭᠤᠣᠯ ᠰᠡᠳᠦᠪ ᠠᠴᠠ ᠭᠠᠷᠳᠠᠵᠤ᠂ ᠳᠠᠷᠤᠯᠲᠠ ᠶᠢᠨ | ᠠᠩᠭᠢᠯᠠᠯ᠂ ᠨᠥᠯᠥᠭᠡ ᠵᠢᠴᠢ ᠳᠠᠷᠤᠯᠲᠠ ᠶᠢ ᠬᠥᠩᠭᠡᠷᠡᠭᠦᠯᠬᠦ ᠠᠷᠭ᠎ᠠ ᠶᠢᠨ ᠲᠣᠭᠤᠷᠢᠨ ᠳᠤ ᠲᠠᠶᠢᠯᠤᠮᠵᠢ ᠬᠢᠪᠡ᠃ | ᠲᠤᠬᠠᠢ ᠶᠢᠨ ᠲᠠᠯᠠᠪᠠᠢ ᠶᠢᠨ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠢᠳᠡᠪᠬᠢᠲᠡᠢ ᠣᠷᠣᠯᠴᠠᠨ ᠬᠥᠳᠡᠯᠦᠯᠴᠡᠵᠦ᠂ | ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠵᠤ᠂ ᠲᠠᠶᠢᠯᠤᠮᠵᠢ ᠲᠡᠭᠦᠰ ᠠᠮᠵᠢᠯᠲᠠ ᠣᠯᠵᠠᠢ᠃ | | | | | ᠠᠵᠢᠯᠯᠠᠭ᠎ᠠ ᠶᠢᠨ ᠡᠳᠦᠷ ᠤᠨ ᠦᠳᠡ ᠶᠢᠨ ᠬᠤᠶᠢᠨ᠎ᠠ᠂ ᠪᠠᠢ ᠶᠠᠨ ᠰᠢᠨ ᠡᠷᠬᠢᠯᠡᠭᠴᠢ ᠵᠣᠣ ᠶᠤᠸᠠᠨ ᠡᠮᠴᠢ ᠲᠠᠢ | ᠬᠠᠮᠲᠤ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠰᠡᠳᠬᠢᠴᠡ ᠶᠢᠨ ᠡᠷᠡᠭᠦᠯ ᠮᠡᠨᠳᠦ ᠶᠢᠨ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠬᠡᠷᠡᠭᠴᠡᠭᠡ ᠪᠦᠬᠦᠢ | ᠠᠷᠠᠳ ᠤᠨ ᠲᠤᠰᠠᠯᠠᠬᠤ ᠴᠠᠭᠳᠠᠭ᠎ᠠ ᠶᠢᠨ ᠨᠥᠬᠦᠳ ᠲᠤ ᠰᠡᠳᠬᠢᠴᠡ ᠶᠢᠨ ᠪᠠᠶᠢᠴᠠᠭᠠᠯᠲᠠ᠂ ᠡᠷᠡᠭᠦᠯ ᠮᠡᠨᠳᠦ ᠶᠢᠨ | ᠣᠨᠣᠰᠢᠯᠠᠯᠲᠠ ᠪᠠ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠨ ᠥᠭᠴᠦ᠂ ᠡᠯ᠎ᠡ ᠵᠦᠢᠯ ᠤᠨ ᠰᠡᠳᠬᠢᠴᠡ ᠶᠢᠨ | ᠦᠨᠡᠯᠡᠯᠲᠡ ᠶᠢᠨ ᠭᠦᠢᠴᠡᠳᠬᠡᠬᠦ ᠲᠤᠭ᠎ᠠ ᠶᠢ ᠵᠠᠳᠠᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠢ ᠦᠨᠡᠯᠡᠨ | ᠵᠢᠱᠢᠬᠦ ᠶᠢᠨ ᠬᠠᠮᠲᠤ ᠨᠠᠷᠢᠨ ᠲᠣᠳᠣᠷᠬᠠᠢ ᠵᠢᠯᠣᠭᠤᠳᠤᠯᠭ᠎ᠠ ᠪᠠ ᠰᠠᠨᠠᠭᠤᠯᠭ᠎ᠠ ᠭᠠᠷᠭᠠᠵᠤ᠂ ᠰᠡᠳᠬᠢᠴᠡ ᠶᠢᠨ ᠪᠠᠶᠢᠳᠠᠯ | ᠢ ᠲᠣᠬᠢᠷᠠᠭᠤᠯᠬᠤ ᠪᠦᠲᠦᠮᠵᠢᠲᠡᠶ ᠠᠷᠭ᠎ᠠ ᠶᠢ ᠤᠯᠠᠮᠵᠢᠯᠠᠭᠰᠠᠨ ᠠᠴᠠ ᠥᠷᠭᠡᠨ ᠣᠯᠠᠨ ᠠᠷᠠᠳ ᠤᠨ ᠲᠤᠰᠠᠯᠠᠬᠤ | ᠴᠠᠭᠳᠠᠭᠠᠨ ᠤ ᠬᠢᠨ ᠦᠯᠡᠮᠵᠢ ᠶᠡᠭᠡ ᠠᠰᠢᠭ ᠭᠥᠷᠳᠡᠵᠦ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠨᠡᠩ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢ ᠳᠣᠲᠣᠭᠠᠳᠤ ᠶᠢ | ᠬᠠᠮᠠᠭᠠᠯᠠᠬᠤ ᠠᠵᠢᠯ ᠳᠤ ᠣᠷᠣᠭᠤᠯᠬᠤ ᠬᠡᠷᠡᠭᠲᠡᠢ ᠭᠡᠵᠦ ᠢᠯᠡᠷᠬᠡᠶᠢᠯᠡᠵᠡᠢ᠃ | | | | | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |