ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ  ᠶᠢ ᠲᠤᠷᠰᠢᠨ ᠪᠠᠶᠢᠴᠠᠭᠠᠬᠤ ᠶᠡᠭᠡ ᠠᠩᠭᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/28
      ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾ ᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠠᠷᠠᠳ ᠤᠯᠠᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ  ᠶᠢ ᠲᠤᠷᠰᠢᠨ ᠪᠠᠶᠢᠴᠠᠭᠠᠬᠤ ᠶᠡᠭᠡ ᠠᠩᠭᠢ ᠣᠶᠢᠷ᠎ᠠ ᠶᠢᠨ ᠡᠳᠦᠷ ᠰᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠷᠢᠶ᠎ᠠ ᠣᠷᠣᠨ ᠤ ᠡᠯ᠎ᠡ ᠲᠣᠮᠣ ᠪᠠᠩᠬᠢ ᠲᠠᠢ ᠬᠠᠮᠵᠢᠯᠴᠠᠨ ᠰᠢᠶᠠᠨ ᠤ ᠰᠢᠤᠳᠠᠨ ᠤ ᠲᠣᠪᠴᠢᠶ᠎ᠠ ᠶᠢᠨ ᠠᠭᠤᠳᠠᠮ ᠲᠠᠯᠠᠪᠠᠢ ᠳᠤ ︽ᠵᠣᠭᠤᠰᠤᠨ ᠤ ᠪᠣᠭᠴᠣ ᠪᠠᠨ ᠰᠠᠬᠢᠵᠤ ᠵᠣᠯ ᠵᠢᠷᠭᠠᠯᠲᠤ ᠭᠡᠷ ᠪᠦᠯᠢ ᠪᠠᠨ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠷᠠᠳ ᠤᠨ ᠴᠠᠭᠳᠠᠭ᠎ᠠ ᠠᠰᠠᠭᠤᠨ ᠯᠠᠪᠯᠠᠬᠤ ᠲᠠᠪᠴᠠᠩ ᠭᠠᠷᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠲᠠᠭᠤᠨ ᠳᠠᠪᠲᠠᠮᠵᠢ ᠨᠡᠪᠲᠡᠷᠡᠭᠦᠯᠬᠦ᠂ ᠳᠤᠷᠠᠰᠬᠠᠯ ᠤᠨ ᠡᠳ᠋ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠭᠤᠣᠯ ᠣᠨᠴᠠᠯᠢᠭ ᠰᠢᠨᠵᠢ᠂ ᠲᠥᠷᠥᠯ ᠵᠦᠢᠯ᠂ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠵᠢᠴᠢ ᠲᠡᠭᠦᠨ ᠤ ᠬᠤᠣᠷ ᠬᠥᠨᠥᠭᠡᠯᠳᠦ ᠴᠢᠨᠠᠷ ᠵᠡᠷᠭᠡ ᠮᠡᠳᠡᠯᠭᠡ ᠶᠢ ᠶᠡᠭᠡ ᠪᠠᠷ ᠤᠬᠠᠭᠤᠯᠪᠠ᠃ ᠣᠨᠴᠠᠭᠠᠶᠢᠯᠠᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠷ ᠠᠨᠠᠢ᠂ ᠢᠯᠭᠠᠨ ᠲᠠᠨᠢᠬᠤ ᠴᠢᠳᠠᠪᠤᠷᠢ ᠪᠠᠷ ᠪᠠᠭᠤᠷᠠᠢ ᠨᠠᠰᠤᠲᠠᠶᠢᠴᠤᠳ ᠤᠨ ᠬᠠᠮᠲᠤᠯᠢᠭ ᠲᠤ ᠴᠢᠭᠯᠡᠭᠦᠯᠦᠨ᠂ ᠠᠷᠠᠳ ᠤᠨ ᠴᠠᠭᠳᠠᠭ᠎ᠠ ᠨᠠᠷ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠲᠡᠳᠡᠨ ᠳᠤ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠠᠷᠭ᠎ᠠ ᠮᠠᠶ᠋ᠢᠭ ᠪᠠ ᠣᠨᠴᠠᠯᠢᠭ ᠢ ᠲᠠᠶᠢᠯᠪᠤᠷᠢᠯᠠᠨ ᠥᠭᠴᠦ᠂ ᠲᠡᠳᠡᠨ ᠳᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠬᠡᠷᠬᠢᠨ ᠵᠥᠪ ᠢᠶᠠᠷ ᠰᠡᠷᠭᠡᠶᠢᠯᠡᠬᠦ ᠶᠢ ᠵᠢᠭᠠᠵᠤ ᠥᠭᠬᠦ ᠶᠢᠨ ᠬᠠᠮᠲᠤ ᠨᠠᠰᠤᠲᠠᠶᠢᠴᠤᠳ ᠲᠤ ᠬᠤᠪᠢ ᠬᠥᠮᠥᠨ ᠤ ᠨᠢᠭᠤᠴᠠ ᠪᠠᠨ ᠬᠠᠮᠠᠭᠠᠯᠠᠬᠤ ᠶᠢ ᠠᠩᠬᠠᠷᠴᠤ᠂ ᠲᠠᠨᠢᠯ ᠪᠤᠰᠤ ᠬᠥᠮᠥᠨ ᠳᠤ ᠬᠤᠪᠢ ᠬᠥᠮᠥᠨ ᠤ ᠮᠡᠳᠡᠭᠡ ᠵᠠᠩᠭᠢ ᠪᠠᠨ ᠵᠠᠳᠠᠷᠠᠭᠤᠯᠵᠤ ᠪᠣᠯᠬᠤ ᠦᠭᠡᠢ᠂ ᠮᠡᠬᠡᠯᠡᠭᠴᠢ ᠳᠤ ᠵᠠᠪᠰᠢᠬᠤ ᠲᠣᠬᠢᠶᠠᠯ ᠣᠯᠭᠤᠵᠤ ᠪᠣᠯᠬᠤ ᠦᠭᠡᠢ᠂ ᠥᠪᠡᠷ ᠤᠨ ︽ᠵᠣᠭᠤᠰᠤᠨ ᠤᠭᠤᠲᠠ︾ ᠪᠠᠨ ᠰᠠᠶᠢᠲᠤᠷ ᠬᠠᠮᠠᠭᠠᠯᠠᠬᠤ ᠶᠢ ᠰᠠᠨᠠᠭᠤᠯᠵᠤ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠬᠤ ᠮᠠᠲ᠋ᠧᠷᠢᠶᠠᠯ ᠢ ᠨᠡᠶᠢᠲᠡ 100 ᠭᠠᠷᠤᠢ ᠬᠤᠪᠢ ᠲᠠᠷᠬᠠᠭᠠᠵᠤ᠂ ᠣᠯᠠᠨ ᠲᠦᠮᠡᠨ 50 ᠭᠠᠷᠤᠢ ᠤᠳᠠᠭ᠎ᠠ ᠠᠰᠠᠭᠤᠨ ᠯᠠᠪᠯᠠᠵᠤ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠰᠡᠷᠭᠡᠶᠢᠯᠡᠬᠦ ᠠᠵᠢᠯ ᠳᠤ ᠣᠷᠣᠯᠴᠠᠬᠤ ᠢᠳᠡᠪᠬᠢᠵᠢᠯ ᠢ ᠬᠦᠴᠦᠲᠡᠢ ᠲᠦᠯᠬᠢᠨ ᠠᠬᠢᠭᠤᠯᠵᠤ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号