︽6.21︾ ᠤ ᠨᠢᠩᠰᠢᠶᠠ ᠶᠢᠨ ᠢᠷᠭᠠᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠠᠴᠠ | ᠭᠦᠨᠵᠡᠭᠡᠢ ᠰᠤᠷᠭᠠᠮᠵᠢ ᠠᠪᠴᠤ᠂ ᠮᠠᠨ ᠤ ᠰᠢᠶᠠᠨ ᠤ ᠰᠣᠶᠣᠯ ᠤᠨ ᠵᠤᠭᠠᠴᠠᠯ ᠤᠨ ᠵᠠᠬ᠎ᠠ ᠳᠡᠯᠭᠡᠭᠦᠷ ᠲᠤ ᠡᠶᠢᠮᠦᠷᠬᠦ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ 6 ᠰᠠᠷ᠎ᠠ ᠶᠢᠨ 21 ᠤ | ᠡᠳᠦᠷ ᠠᠴᠠ 26 ᠤ ᠡᠳᠦᠷ ᠪᠣᠯᠲᠠᠯ᠎ᠠ᠂ ᠦᠴᠦᠸᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠶᠣᠯ ᠤᠨ ᠵᠤᠭᠠᠴᠠᠯ ᠤᠨ ᠵᠠᠬ᠎ᠠ ᠳᠡᠯᠭᠡᠭᠦᠷ ᠤᠨ ᠰᠢᠲᠠᠮᠠᠬᠠᠢ | ᠬᠡᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠶᠢ ᠭᠦᠨᠵᠡᠭᠡᠢ | ᠥᠷᠨᠢᠭᠦᠯᠵᠡᠢ᠃ | ᠲᠣᠰ ᠤᠳᠠᠭᠠᠨ ᠤ ᠲᠤᠰᠬᠠᠢ ᠠᠵᠢᠯᠯᠠᠭ᠎ᠠ ᠳᠤ ᠡᠯ᠎ᠡ ᠲᠠᠯᠠᠪᠤᠷ ᠭᠠᠵᠠᠷ ᠤᠨ ᠭᠠᠯ ᠤᠨᠲᠠᠷᠠᠭᠠᠬᠤ | ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠤᠭᠰᠠᠨ ᠡᠰᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠨ ᠵᠠᠰᠠᠭᠰᠠᠨ ᠡᠰᠡᠬᠦ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠨᠢ ᠵᠢᠷᠤᠮᠵᠢᠯ ᠲᠠᠢ ᠪᠠᠶᠢᠬᠤ ᠡᠰᠡᠬᠦ᠂ | ᠰᠢᠩᠭᠡᠵᠢᠮᠠᠯ ᠬᠡᠢ ᠶᠢᠨ ᠰᠠᠪᠠ ᠶᠢᠨ ᠬᠡᠷᠡᠭᠯᠡᠯᠲᠡ ᠨᠢ ᠲᠣᠭᠲᠠᠭᠠᠯ ᠳᠤ ᠨᠡᠶᠢᠴᠡᠬᠦ ᠡᠰᠡᠬᠦ᠂ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ᠂ ᠠᠷᠠᠴᠢᠯᠠᠨ ᠬᠠᠮᠠᠭᠠᠯᠠᠵᠤ᠂ ᠰᠡᠯᠪᠢᠨ ᠵᠠᠰᠠᠭᠰᠠᠨ ᠡᠰᠡᠬᠦ ᠶᠢ ᠭᠤᠣᠯᠳᠠᠯᠭ᠎ᠠ ᠲᠠᠢ | ᠳᠣᠪᠤᠶᠢᠯᠭᠠᠨ᠎ᠠ᠃ ᠬᠦᠷᠦᠭᠰᠡᠨ ᠭᠠᠵᠠᠷ ᠪᠣᠯᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠴᠥᠮ ᠨᠠᠷᠢᠨ ᠨᠢᠮᠪᠠᠢ | ᠪᠠᠶᠢᠴᠠᠭᠠᠨ ᠦᠵᠡᠵᠦ᠂ ᠨᠠᠷᠢᠨ ᠨᠢᠮᠪᠠᠢ ᠯᠠᠪᠯᠠᠨ ᠠᠰᠠᠭᠤᠵᠠᠢ᠃ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠮᠠᠨ ᠤ | ᠰᠢᠶᠠᠨ ᠤ ᠬᠡᠰᠡᠭ ᠣᠳᠣᠨ ᠲᠠᠰ ᠤᠨ ᠲᠠᠷᠢᠶᠠᠴᠢᠨ ᠠᠶᠢᠯ ᠤᠨ ᠵᠤᠭᠠᠴᠠᠯ ᠨᠢ ᠴᠥᠮ ᠰᠢᠷᠣᠢ ᠶᠢᠨ ᠲᠣᠭᠤᠭ᠎ᠠ ᠪᠠ | ᠰᠢᠩᠭᠡᠨᠵᠢᠮᠡᠯ ᠬᠡᠢ ᠶᠢᠨ ᠰᠠᠪᠠ ᠶᠢ ᠵᠡᠷᠭᠡ ᠪᠠᠷ ᠬᠡᠷᠡᠭᠯᠡᠵᠦ᠂ ᠲᠤᠶᠢᠯ ᠤᠨ ᠶᠡᠭᠡ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠨ᠎ᠠ᠂ ᠡᠨᠡᠬᠦ ᠪᠠᠶᠢᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠢ ᠳᠤᠨᠢ | ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠬᠤ ᠮᠡᠳᠡᠭᠳᠡᠯ ᠤᠨ ᠪᠢᠴᠢᠭ ᠪᠠᠭᠤᠯᠭᠠᠵᠤ᠂ ᠲᠠᠷᠢᠶᠠᠴᠢᠨ ᠠᠶᠢᠯ ᠤᠨ | ᠵᠤᠭᠠᠴᠠᠯ ᠳᠤ ᠰᠢᠩᠭᠡᠨᠵᠢᠮᠡᠯ ᠬᠡᠢ ᠶᠢᠨ ᠰᠠᠪᠠ ᠶᠢ ᠬᠡᠷᠡᠭᠯᠡᠬᠦ ᠶᠢ ᠴᠠᠭᠠᠵᠠᠯᠠᠬᠤ ᠶᠢᠨ ᠬᠠᠮᠲᠤ ᠲᠣᠭᠲᠠᠭᠰᠠᠨ | ᠬᠤᠭᠤᠴᠠᠭᠠᠨ ᠳᠤ ᠰᠢᠩᠭᠡᠨᠵᠢᠮᠡᠯ ᠬᠡᠢ ᠶᠢᠨ ᠰᠠᠪᠠ ᠶᠢ ᠴᠡᠭᠴᠡᠯᠡᠨ ᠵᠠᠰᠠᠵᠤ ᠴᠡᠪᠡᠷᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ ᠠᠵᠢᠯ | ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠪᠠᠨ | ᠴᠢᠩᠭᠠᠳᠬᠠᠵᠤ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠢ ᠰᠢᠮᠳᠠᠭᠤᠯᠵᠤ ᠪᠠᠶᠢᠭᠠᠳ ᠠᠶᠤᠯ ᠦᠭᠡᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠨᠠᠷᠢᠨ ᠨᠢᠮᠪᠠᠢ | ᠪᠥᠬᠦ ᠲᠠᠯ᠎ᠠ ᠪᠠᠷ ᠥᠷᠨᠢᠭᠦᠯᠵᠦ᠂ ᠡᠩ ᠤᠨ ᠬᠡᠮ ᠰᠣᠭᠤᠭ ᠢ ᠳᠠᠷᠤᠶᠢᠬᠠᠨ ᠬᠡᠷᠡᠭᠵᠢᠭᠦᠯᠬᠦ ᠳᠠᠷᠤᠶᠢᠬᠠᠨ ᠥᠭᠡᠷᠡᠴᠢᠯᠡᠵᠦ | ᠂ ᠬᠦᠨᠳᠦ ᠶᠡᠭᠡ ᠬᠡᠮ ᠰᠣᠭᠤᠭ ᠢ ᠲᠡᠷᠡ ᠳᠠᠷᠤᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠴᠡᠭᠴᠡᠯᠡᠨ | ᠰᠠᠶᠢᠵᠢᠷᠠᠭᠤᠯᠬᠤ ᠲᠥᠰᠥᠯ ᠲᠣᠭᠲᠠᠭᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠠᠶᠤᠯ | ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ | ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |