ᠬᠤᠭᠤᠯᠠᠢ ᠠᠭᠤᠯᠠ ᠲᠣᠰᠬᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/6/29
      2023 ᠣᠨ ᠤ 6 ᠰᠠᠷ᠎ᠠ ᠶᠢᠨ 26  ᠤ ᠡᠳᠦᠷ᠂ ᠬᠤᠭᠤᠯᠠᠢ ᠠᠭᠤᠯᠠ ᠲᠣᠰᠬᠤᠨ ᠤ ᠵᠥᠪᠯᠡᠯ ᠦᠴᠦᠸᠠᠨ ᠰᠢᠶᠠᠨ ᠤ ᠲᠠᠷᠢᠶᠠᠯᠠᠩ ᠤᠨ ᠲᠣᠪᠴᠢᠶ᠎ᠠ ᠶᠢᠨ ᠮᠡᠷᠭᠡᠵᠢᠯ ᠤᠨ ᠠᠵᠢᠯᠲᠠᠨ ᠰᠢᠶᠧ ᠭᠦᠸᠧ ᠬᠤᠸᠠ ᠶᠢ ᠤᠷᠢᠵᠤ᠂ ᠬᠤᠭᠤᠯᠠᠢ ᠠᠭᠤᠯᠠ ᠲᠣᠰᠬᠤᠨ ᠳᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠣᠯᠪᠠᠰᠤᠷᠠᠯ ᠤᠨ ᠬᠤᠷᠠᠯ ᠥᠷᠨᠢᠭᠦᠯᠵᠦ᠂ ᠲᠠᠷᠢᠮᠠᠯ ᠤᠨ ᠡᠷᠦᠬᠡ ᠳᠤ ᠲᠠᠷᠢᠶᠠᠨ ᠠᠵᠢᠯ ᠤᠨ ᠬᠠᠮᠢᠶᠠᠷᠤᠯᠲᠠ ᠶᠢᠨ ᠮᠡᠷᠭᠡᠵᠢᠯ ᠤᠨ ᠪᠠᠲᠤᠯᠠᠭ᠎ᠠ ᠬᠠᠩᠭᠠᠪᠠ᠃
     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠭᠤᠣᠯᠳᠠᠭᠤ ᠲᠥᠮᠥᠰᠥ ᠪᠠ ᠬᠤᠯᠤ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢᠨ ᠲᠣᠭᠤᠷᠢᠨ ᠳᠤ ᠲᠠᠶᠢᠯᠤᠮᠵᠢ ᠬᠢᠪᠡ᠃ ᠡᠭᠦᠨ ᠳᠤ ᠬᠤᠯᠤ᠂ ᠲᠥᠮᠥᠰᠥ ᠶᠢᠨ ᠤᠷᠭᠤᠯᠲᠠ ᠶᠢᠨ ᠪᠠᠶᠢᠳᠠᠯ᠂ ᠡᠪᠡᠳᠴᠢᠨ ᠤ ᠲᠦᠷᠦᠯ ᠤᠨ ᠮᠠᠭᠠᠳᠯᠠᠯᠲᠠ ᠵᠢᠴᠢ ᠬᠡᠷᠬᠢᠨ ᠴᠠᠭ ᠲᠣᠬᠢᠶᠠᠯ ᠢ ᠠᠮᠵᠢᠨ ᠡᠪᠡᠳᠴᠢᠨ ᠳᠤᠨᠢ ᠲᠠᠭᠠᠷᠠᠭᠤᠯᠵᠤ ᠡᠮᠨᠡᠨ ᠵᠠᠰᠠᠬᠤ ᠵᠡᠷᠭᠡ ᠶᠢ ᠨᠠᠷᠢᠨ ᠨᠢᠭᠲᠠ ᠵᠠᠳᠠᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠪᠠᠰᠠ ᠬᠤᠯᠤ ᠪᠠ ᠲᠥᠮᠥᠰᠥ ᠶᠢᠨ ᠰᠡᠭᠦᠯᠴᠢ ᠶᠢᠨ ᠬᠤᠭᠤᠴᠠᠭᠠᠨ ᠤ ᠠᠷᠠᠴᠢᠯᠠᠯᠲᠠ ᠪᠠ ᠤᠨᠠᠯᠲᠠ ᠶᠢ ᠬᠡᠷᠬᠢᠨ ᠳᠡᠭᠡᠭᠰᠢᠯᠡᠭᠦᠯᠬᠦ ᠲᠤᠬᠠᠢ ᠵᠢᠯᠣᠭᠤᠳᠤᠯᠭ᠎ᠠ ᠬᠢᠭᠰᠡᠨ ᠪᠠᠶᠢᠨ᠎ᠠ᠃ ᠣᠨᠣᠯ ᠤᠨ ᠪᠣᠯᠪᠠᠰᠤᠷᠠᠭᠤᠯᠤᠯ ᠬᠢᠭᠰᠡᠨ ᠤ ᠳᠠᠷᠠᠭ᠎ᠠ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠲᠠᠷᠢᠮᠠᠯ ᠤᠨ ᠡᠷᠦᠬᠡ ᠶᠢ ᠵᠣᠬᠢᠶᠠᠨ ᠪᠠᠶᠢᠭᠤᠯᠵᠤ ᠬᠤᠯᠤ ᠳᠠᠷᠢᠬᠤ ᠭᠠᠵᠠᠷ ᠲᠤ ᠣᠴᠢᠪᠠ᠃ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠬᠦᠯᠢᠴᠡᠩᠭᠦᠢ ᠪᠠᠷ  ᠶᠠᠷᠢᠵᠤ᠂ ᠲᠠᠷᠢᠮᠠᠯ ᠤᠨ ᠡᠷᠦᠬᠡ ᠨᠠᠷᠢᠨ ᠬᠢᠨᠠᠮᠠᠭᠠᠢ ᠰᠣᠨᠣᠰᠴᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠳᠡᠯᠭᠡ ᠶᠢ  ᠤᠯᠠᠮᠵᠢᠯᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠲᠠᠷᠢᠮᠠᠯ ᠤᠨ ᠡᠷᠦᠬᠡ ᠵᠠᠯᠭᠠᠭ᠎ᠠ ᠪᠠᠷ ᠢᠯᠡᠷᠬᠡᠶᠢᠯᠡᠬᠦ ᠳᠡᠭᠡᠨ᠂ ᠪᠣᠯᠪᠠᠰᠤᠷᠠᠭᠤᠯᠤᠯ ᠨᠢ ᠰᠣᠨᠢᠷᠬᠠᠯ ᠲᠠᠢ  ᠪᠠᠶᠢᠵᠤ᠂  ᠮᠠᠰᠢ ᠣᠯᠠᠨ ᠬᠡᠷᠡᠭᠴᠡᠭᠡ ᠲᠠᠢ ᠮᠡᠳᠡᠯᠭᠡ ᠶᠢ ᠰᠤᠷᠴᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠠᠷᠢᠮ ᠮᠡᠷᠭᠡᠵᠢᠯ ᠢ ᠣᠶᠢᠯᠠᠭᠠᠨ ᠡᠵᠡᠮᠰᠢᠵᠡᠢ᠂ ᠬᠤᠶᠢᠰᠢᠳᠠ ᠡᠶᠢᠮᠦᠷᠬᠦ ᠪᠣᠯᠪᠠᠰᠤᠷᠠᠭᠤᠯᠤᠯ ᠳᠤ ᠢᠯᠡᠭᠦᠬᠡᠨ ᠣᠷᠣᠯᠴᠠᠵᠤ᠂ ᠲᠠᠷᠢᠮᠠᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠢᠷᠡᠯᠲᠡ᠄ ᠬᠤᠭᠤᠯᠠᠢ ᠠᠭᠤᠯᠠ ᠰᠢᠶᠠᠨᠩ ᠤᠨ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号