ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠲᠥᠯᠥᠭᠡ ᠲᠡᠷᠢᠭᠦᠨ ᠤ ᠨᠡᠶᠢᠲᠡᠯᠢᠭ | ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠷᠭᠡᠳᠡᠬᠢ | ᠳᠠᠭᠤᠷᠢᠶᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠵᠣᠷᠢᠭᠵᠢᠭᠤᠯᠵᠤ᠂ ᠲᠡᠷᠢᠭᠦᠨ ᠤ ᠬᠢ ᠶᠢ ᠡᠷᠬᠢᠮᠯᠡᠬᠦ᠂ ᠲᠡᠷᠢᠭᠦᠨ ᠤ | ᠬᠢ ᠠᠴᠠ ᠰᠤᠷᠤᠯᠴᠠᠬᠤ᠂ ᠲᠡᠷᠢᠭᠦᠨ ᠤ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠶ | ᠪᠣᠯᠭᠠᠵᠤ᠂ 6 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠭᠤᠯᠠᠢ ᠠᠭᠤᠯᠠ ᠲᠣᠰᠬᠤᠨ ᠳᠤ ︽ᠠᠷᠠᠳ | ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠨᠢᠶᠧ ᠰᠢᠶᠠᠩ ᠷᠦᠩ ᠨᠥᠬᠦᠷ ᠤᠨ ᠲᠡᠷᠢᠭᠦᠨ ᠤ ᠦᠢᠯᠡ | ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠦ᠂ ᠬᠤᠭᠤᠯᠠᠢ ᠠᠭᠤᠯᠠ ᠰᠢᠶᠠᠩ ᠤᠨ ᠺᠠᠳ᠋ᠷ᠂ | ᠬᠤᠭᠤᠯᠠᠢ ᠠᠭᠤᠯᠠ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠲᠣᠰᠬᠤᠨ ᠤ ᠠᠷᠠᠳ ᠤᠨ ᠲᠥᠯᠥᠭᠡᠯᠡᠭᠴᠢ | ᠲᠤᠬᠠᠢ ᠶᠢᠨ ᠲᠠᠯᠠᠪᠠᠢ ᠳᠤ ᠨᠢᠶᠧ ᠰᠢᠶᠠᠩ ᠷᠦᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠣᠨᠣᠰᠬᠤ ᠶᠢᠨ | ᠬᠠᠮᠲᠤ ᠰᠤᠷᠤᠯᠴᠠᠵᠤ᠂ ᠦᠯᠢᠭᠡᠷ ᠳᠠᠭᠤᠷᠢᠶᠠᠯ ᠤᠨ ᠦᠢᠯᠡ ᠠᠵᠢᠯᠯᠠᠭ᠎ᠠ ᠪᠠᠷ ᠲᠠᠮᠵᠢᠨ ᠳᠡᠷᠭᠡᠳᠡᠬᠢ ᠬᠥᠮᠥᠰ ᠤᠨ ᠢᠶᠠᠨ | ᠰᠤᠷᠤᠯᠴᠠᠵᠤ ᠰᠡᠳᠬᠢᠬᠦ ᠦᠢᠯᠡᠳᠦᠯᠭᠡᠵᠢᠭᠦᠯᠵᠦ ᠰᠢᠨ᠎ᠡ ᠦᠵᠡᠯ ᠰᠠᠨᠠᠭ᠎ᠠ ᠶᠢ ᠤᠬᠠᠪᠤᠷᠢᠯᠠᠬᠤ ᠶᠢ ᠨᠥᠯᠥᠭᠡᠯᠡᠪᠡ᠃ | | | | | | | | ᠪᠦᠬᠦ ᠤᠯᠤᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠨᠢᠶᠧ ᠰᠢᠶᠠᠩ ᠷᠦᠩ | ᠨᠥᠬᠦᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠷᠤᠭᠵᠢᠭᠤᠨ ᠦᠭᠡ ᠬᠡᠯᠡ᠂ | ᠦᠨᠡᠨ ᠪᠣᠳᠠᠲᠠᠢ ᠵᠢᠱᠢᠶ᠎ᠡ ᠪᠠᠷ ᠥᠪᠡᠷ ᠤᠨ ᠤᠯᠠᠨ ᠵᠢᠯ ᠤᠨ ᠲᠤᠷᠰᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠦᠭᠰᠡᠨ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ᠂ ᠨᠤᠭᠤᠷᠠᠰᠢ ᠦᠭᠡᠢ ᠡᠷᠡᠯᠬᠡᠭᠯᠡᠨ ᠲᠡᠮᠡᠴᠡᠭᠰᠡᠨ ᠦᠯᠢᠭᠡᠷ ᠢᠶᠠᠨ ᠶᠠᠷᠢᠵᠤ᠂ ᠬᠤᠪᠢᠶᠠᠯᠴᠠᠭᠰᠠᠨ | ᠠᠭᠤᠯᠭ᠎ᠠ ᠨᠢ ᠦᠨᠡᠨ ᠪᠣᠳᠠᠲᠠᠢ ᠰᠡᠳᠬᠢᠯ ᠬᠥᠳᠡᠯᠭᠡᠮ᠎ᠡ ᠪᠠᠶᠢᠵᠤ᠂ ᠰᠢᠨ᠎ᠡ ᠴᠠᠭ ᠦᠶ᠎ᠡ ᠶᠢᠨ ᠠᠯᠪᠠᠳᠠᠨ ᠤ ᠤᠯᠤᠰ | ᠲᠦᠷᠦ ᠶᠢ ᠡᠷᠬᠢᠮᠯᠡᠬᠦ᠂ ᠶᠣᠰᠣ ᠳᠦᠷᠢᠮ ᠢ ᠰᠠᠬᠢᠬᠤ᠂ ᠵᠠᠩ ᠰᠤᠷᠲᠠᠯ ᠢ ᠴᠢᠬᠤᠯᠠᠴᠢᠯᠠᠬᠤ᠂ ᠦᠯᠢᠭᠡᠷ ᠳᠠᠭᠤᠷᠢᠶᠠᠯ | ᠪᠣᠯᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠬᠤᠷᠠᠯ ᠳᠤ ᠣᠷᠣᠯᠴᠠᠭᠰᠠᠳ᠂ ᠲᠤᠰ | ᠤᠳᠠᠭ᠎ᠠ ᠶᠢᠨ ᠰᠤᠷᠤᠯᠴᠠᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠢᠶᠧ ᠰᠢᠶᠠᠩ ᠷᠦᠩ | ᠨᠥᠬᠦᠷ ᠢᠶᠠᠷ ᠳᠠᠭᠤᠷᠢᠶᠠᠯ ᠪᠣᠯᠭᠠᠵᠤ᠂ ᠤᠶᠤᠨ ᠰᠠᠨᠠᠭᠠᠨ ᠤ ᠬᠦᠴᠦᠨ ᠢ ᠰᠢᠩᠭᠡᠬᠡᠨ ᠠᠪᠴᠤ᠂ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠪᠠᠲᠤᠳᠬᠠᠵᠤ᠂ ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | | ᠢᠷᠡᠯᠲᠡ᠄ ᠬᠤᠭᠤᠯᠠᠢ ᠠᠭᠤᠯᠠ ᠰᠢᠶᠠᠨᠩ ᠤᠨ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ |