6 ᠰᠠᠷ᠎ᠠ ᠶᠢᠨ 26 ᠤ ᠡᠳᠦᠷ᠂ ᠪᠦᠭᠦ ᠣᠷᠣᠨ ᠤ ᠬᠤᠨᠢᠨ ᠠᠷᠠᠰᠤ ᠶᠢ ᠢᠳᠡᠭᠡᠨ ᠪᠤᠯᠭᠠᠬᠤ ᠠᠵᠢᠯ ᠤᠨ | ᠲᠤᠬᠠᠢ ᠶᠢᠨ ᠲᠠᠯᠠᠪᠠᠶ ᠶᠢᠨ ᠲᠣᠬᠢᠷᠠᠭᠤᠯᠤᠨ ᠠᠬᠢᠭᠤᠯᠬᠤ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠪᠠ᠃ | ᠣᠶᠢᠯᠠᠭᠠᠭᠰᠠᠨ ᠢᠶᠠᠷ᠂ ᠮᠠᠨ ᠤ ᠣᠷᠣᠨ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ | ᠳᠠᠷᠠᠭ᠎ᠠ ᠨᠢ ᠨᠥᠬᠦᠪᠦᠷᠢᠯᠡᠬᠦ︾ᠠᠷᠭ᠎ᠠ ᠢᠶᠠᠷ ᠳᠠᠮᠵᠢᠭᠤᠯᠤᠨ᠂ ᠬᠠᠮᠤᠭ ᠤᠨ ᠤᠯᠠᠨ ᠳᠠᠭᠠᠨ ᠲᠥᠷᠥᠯ ᠵᠦᠢᠯ ᠤᠨ ᠪᠣᠳᠠᠲᠠᠢ | ᠪᠡᠯᠡ ᠣᠷᠣᠭᠤᠯᠤᠯᠲᠠ ᠶᠢᠨ 30% ᠢᠶᠠᠷ ᠱᠠᠩᠨᠠᠯ ᠣᠯᠭᠤᠵᠤ᠂ ᠲᠠᠩ ᠭᠠᠭᠴᠠ ᠠᠵᠤ ᠠᠬᠤᠶᠢᠯᠠᠯ ᠤᠨ ᠬᠠᠮᠤᠭ ᠤᠨ | ᠥᠨᠳᠥᠷ ᠱᠠᠩᠨᠠᠯ ᠨᠥᠬᠦᠪᠦᠷᠢ ᠶᠢ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠥᠬᠦᠴᠡᠯ ᠳᠤ | ᠨᠡᠶᠢᠴᠡᠬᠦ ᠠᠶᠢᠮᠠᠭ ᠬᠤᠲᠠ᠂ ᠠᠵᠤ ᠠᠬᠤᠶᠢᠯᠠᠯ ᠤᠨ ᠬᠤᠨᠢᠨ ᠤ ᠠᠷᠠᠰᠤ ᠶᠢ ᠢᠳᠡᠭᠡᠨ ᠪᠤᠯᠭᠠᠬᠤ ᠶᠢ ᠨᠡᠭᠡᠭᠡᠨ | ᠬᠥᠭᠵᠢᠭᠦᠯᠬᠦ ᠶᠢ ᠵᠣᠷᠢᠭᠵᠢᠭᠤᠯᠤᠨ᠎ᠠ ᠭᠡᠵᠡᠢ᠃ | | | | | ᠣᠳᠣᠬᠠᠨ ᠳᠤ᠂ ᠮᠠᠨ ᠤ ᠣᠷᠣᠨ ᠤ ᠠᠯᠠᠰᠢᠨ ᠬᠤᠨᠢ ᠲᠡᠵᠢᠭᠡᠨ ᠦᠷᠡᠵᠢᠭᠦᠯᠵᠦ ᠪᠠᠶᠢᠭ᠎ᠠ ᠬᠡᠮᠵᠢᠶ᠎ᠡ 1.27 | ᠳ᠋ᠦᠩᠰᠢᠭᠤᠷ ᠲᠤ ᠬᠦᠷᠴᠦ᠂ ᠪᠦᠭᠦ ᠤᠯᠤᠰ ᠤᠨ 1/5 ᠶᠢ ᠡᠵᠡᠯᠡᠵᠦ᠂ ᠬᠤᠨᠢᠨ ᠠᠷᠠᠰᠤ ᠶᠢᠨ ᠵᠢᠯ ᠤᠨ ᠭᠠᠷᠤᠯᠲᠠ | 2100 ᠲᠦᠮᠡ ᠣᠷᠴᠢᠮ ᠪᠠᠶᠢᠵᠤ᠂ ᠪᠦᠭᠦ ᠤᠯᠤᠰ ᠤᠨ ᠡᠮᠦᠨ᠎ᠡ 5 ᠳᠤ ᠵᠢᠭᠰᠠᠭᠠᠭᠳᠠᠵᠤ ᠪᠠᠶᠢᠨ᠎ᠠ᠃ ᠬᠤᠨᠢᠨ ᠤ | ᠠᠷᠠᠰᠤᠨ ᠢᠳᠡᠭᠡᠨ ᠤ ᠠᠵᠤ ᠦᠢᠯᠡᠰᠵᠢᠯᠲᠡ ᠶᠢᠨ ᠠᠵᠢᠯ ᠢ ᠤᠯᠠᠮ ᠴᠢᠨᠠᠭᠰᠢᠳᠠ ᠠᠬᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ︽ᠬᠤᠨᠢᠨ ᠤ ᠠᠷᠠᠰᠤ ᠶᠢ ᠢᠳᠡᠭᠡᠨ ᠪᠤᠯᠭᠠᠬᠤ ᠲᠤᠷᠰᠢᠯᠲᠠ ᠶᠢᠨ ᠠᠵᠢᠯ ᠤᠨ ᠲᠥᠰᠥᠯ︾ | ᠢ ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ ᠢᠶᠠᠷ ᠲᠡᠳᠬᠦᠨ ᠳᠡᠮᠵᠢᠬᠦ᠂ ᠮᠡᠷᠭᠡᠵᠢᠯ ᠤᠨ ᠦᠢᠯᠡᠴᠢᠯᠡᠭᠡ ᠬᠠᠩᠭᠠᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠠᠶᠠᠨᠨᠠᠭᠤᠷ ᠬᠤᠲᠠ ᠪᠣᠯᠣᠨ ᠰᠢᠯᠢ ᠶᠢᠨ ᠭᠤᠣᠯ ᠠᠶᠢᠮᠠᠭ ᠤᠨ 5 | ᠲᠤᠷᠰᠢᠯᠲᠠ ᠶᠢᠨ ᠠᠵᠤ ᠠᠬᠤᠶᠢᠯᠠᠯ ᠳᠤ ᠬᠤᠨᠢᠨ ᠤ ᠠᠷᠠᠰᠤᠨ ᠢᠳᠡᠭᠡᠨ ᠢ ᠨᠡᠭᠡᠭᠡᠨ ᠬᠥᠭᠵᠢᠭᠦᠯᠦᠨ | ᠦᠢᠯᠡᠳᠪᠦᠷᠢᠯᠡᠵᠦ᠂ ᠡᠨᠡ ᠵᠢᠯ ᠵᠢᠱᠢᠯᠲᠡ ᠪᠠᠷ 20 ᠲᠦᠮᠡᠨ ᠬᠤᠨᠢᠨ ᠤ ᠠᠷᠠᠰᠤ ᠶᠢ ᠡᠳ᠋ᠰᠢᠭᠦᠯᠦᠨ ᠬᠤᠪᠢᠷᠠᠭᠤᠯᠵᠤ᠂ | 600 ᠲᠣᠨ ᠬᠤᠨᠢᠨ ᠤ ᠠᠷᠠᠰᠤᠨ ᠢᠳᠡᠭᠡᠨ ᠦᠢᠯᠡᠳᠪᠦᠷᠢᠯᠡᠵᠦ᠂ ᠦᠢᠯᠡᠳᠬᠦᠨ ᠤ ᠥᠷᠲᠡᠭ ᠨᠢ 1.4 ᠳ᠋ᠦᠩᠰᠢᠭᠤᠷ | ᠲᠥᠭᠦᠷᠢᠭ ᠲᠤ ᠬᠦᠷᠬᠦ ᠪᠣᠯᠣᠨ᠎ᠠ᠃ |