ᠪᠦᠭᠦ ᠤᠯᠤᠰ ᠤᠨ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠪᠠᠭᠠᠰᠬᠤ ᠬᠠᠨᠳᠤᠰᠢ ᠬᠤᠷᠢᠭᠯᠠᠭᠳᠠᠪᠠ
ᠨᠡᠶᠢᠲᠡᠯᠡᠭᠰᠡᠨ ᠴᠠᠭ᠄
2023/6/29
     ᠰᠤᠷᠪᠤᠯᠵᠢᠯᠠᠬᠴᠢ 25 ᠤ ᠡᠳᠦᠷ ᠵᠢᠶᠠᠩᠰᠤ ᠶᠢᠨ ᠨᠠᠨᠵᠢᠩ ᠳᠤ ᠶᠠᠪᠤᠭᠳᠠᠭᠰᠠᠨ ᠪᠦᠭᠦ ᠤᠯᠤᠰ ᠤᠨ ᠭᠤᠴᠢᠨ ᠭᠤᠷᠪᠠᠳᠠᠭᠢ ︽ᠭᠠᠵᠠᠷ ᠰᠢᠷᠣᠢ ᠶᠢᠨ ᠡᠳᠦᠷ︾ ᠤᠨ ᠭᠤᠣᠯ ᠲᠠᠯᠠᠪᠤᠷ ᠤᠨ ᠠᠵᠢᠯᠯᠠᠭ᠎ᠠ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠦᠷᠭᠦᠯᠵᠢᠯᠡᠨ ᠪᠠᠭᠠᠰᠬᠤ ᠬᠠᠨᠳᠤᠰᠢ ᠨᠢᠭᠡᠨᠲᠡ ᠠᠩᠬ᠎ᠠ ᠠᠯᠬᠤᠮ ᠬᠤᠷᠢᠭᠯᠠᠭᠳᠠᠪᠠ᠃      ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠯᠢᠦ ᠭᠦᠸᠧ ᠬᠤᠩ᠂ ᠣᠶᠢᠷ᠎ᠠ ᠶᠢᠨ ᠵᠢᠯ ᠤᠳ ᠲᠤ᠂ ︽ᠶᠡᠷᠦᠩᠬᠡᠢ ᠬᠡᠮᠵᠢᠶ᠎ᠡ ᠶᠢ ᠲᠣᠭᠲᠠᠪᠤᠷᠢᠵᠢᠭᠤᠯᠬᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ︾ ᠵᠡᠷᠭᠡ ᠠᠯᠢ ᠤᠯᠠᠨ ᠠᠷᠭ᠎ᠠ ᠬᠡᠮᠵᠢᠶ᠎ᠡ ᠠᠪᠬᠤ ᠪᠠᠷ ᠳᠡᠮᠵᠢᠨ᠂ ᠪᠦᠭᠦ ᠤᠯᠤᠰ ᠤᠨ ᠲᠠᠷᠢᠶᠠᠨ ᠭᠠᠵᠠᠷ ᠦᠷᠭᠦᠯᠵᠢᠯᠡᠨ ᠲᠦᠷᠭᠡᠨ ᠢᠶᠠᠷ ᠪᠠᠭᠠᠰᠬᠠᠬᠤ ᠪᠠᠶᠢᠳᠠᠯ ᠢ ᠠᠩᠬ᠎ᠠ ᠠᠯᠬᠤᠮ ᠬᠤᠷᠢᠭᠯᠠᠪᠠ᠃ ᠣᠶᠢᠯᠠᠭᠠᠭᠰᠠᠨ ᠢᠶᠠᠷ᠂ 2022 ᠣᠨ ᠳᠤ ᠪᠦᠭᠦ ᠤᠯᠤᠰ ᠤᠨ ᠲᠠᠷᠢᠶᠠᠨ ᠭᠠᠵᠠᠷ ᠤᠨ ᠲᠠᠯᠠᠪᠠᠶ 19.14 ᠳ᠋ᠦᠩᠰᠢᠭᠤᠷ ᠮᠦ ᠳᠤ ᠬᠦᠷᠴᠦ᠂ ᠲᠦᠷᠦᠭᠦᠦ ᠵᠢᠯ ᠤᠨ ᠡᠴᠦᠰ ᠤᠨ ᠬᠢ ᠠᠴᠠ ᠪᠠᠷᠤᠭ 130 ᠲᠦᠮᠡᠨ ᠮᠦ ᠨᠡᠮᠡᠭᠳᠡᠵᠦ᠂ ᠬᠤᠶᠠᠷ ᠵᠢᠯ ᠳᠠᠷᠠᠭᠠᠯᠠᠨ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢᠨ ᠴᠡᠪᠡᠷ ᠨᠡᠮᠡᠭᠳᠡᠯ ᠢ ᠪᠡᠶᠡᠯᠡᠭᠦᠯᠦᠭᠰᠡᠨ ᠪᠠᠶᠢᠨ᠎ᠠ ᠭᠡᠵᠦ ᠬᠡᠯᠡᠪᠡ᠃      ᠠᠷᠪᠢᠯᠠᠨ ᠡᠷᠴᠢᠮᠵᠢᠭᠦᠯᠦᠨ ᠬᠡᠷᠡᠭᠯᠡᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠡᠷᠡᠰ ᠭᠤᠶᠢᠪᠢᠰᠢ ᠦᠭᠡᠢ ᠴᠢᠩᠭ᠎ᠠ ᠰᠠᠬᠢᠪᠠ᠃ ᠲᠠᠨᠢᠯᠴᠠᠭᠤᠯᠤᠭᠰᠠᠨ ᠢᠶᠠᠷ᠂ ᠵᠠᠯᠭᠠᠭᠠᠳ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠡᠬᠢ ᠪᠠᠶᠠᠯᠢᠭ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠴᠢᠩᠭ᠎ᠠ ᠬᠠᠲᠠᠭᠤ ᠠᠷᠭ᠎ᠠ ᠬᠡᠮᠵᠢᠶ᠎ᠡ ᠠᠪᠴᠤ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠭᠢᠨ᠎ᠠ; ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠴᠢᠩᠭ᠎ᠠ ᠬᠠᠮᠢᠶᠠᠷᠤᠨ ᠡᠵᠡᠮᠳᠡᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠲᠤᠭᠢᠷᠠᠭᠤᠯᠤᠨ᠎ᠠ; ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ; ᠡᠬᠢ ᠪᠠᠶᠠᠯᠢᠭ ᠡᠳ᠋ ᠬᠥᠷᠥᠩᠭᠡ ᠶᠢᠨ ᠡᠷᠬᠡ ᠠᠰᠢᠭ ᠢ ᠬᠠᠮᠠᠭᠠᠯᠠᠵᠤ᠂ ᠪᠠᠶᠢᠭᠠᠯᠢ ᠶᠢᠨ ᠡᠬᠢ ᠪᠠᠶᠠᠯᠢᠭ ᠢ ᠵᠠᠰᠠᠬᠤ ᠴᠢᠳᠠᠪᠤᠷᠢ ᠶᠢᠨ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ ᠭᠡᠵᠡᠢ᠃      ︽ᠭᠠᠵᠠᠷ ᠰᠢᠷᠣᠢ ᠶᠢ ᠠᠷᠪᠢᠯᠠᠨ ᠡᠷᠴᠢᠮᠵᠢᠭᠦᠯᠦᠨ ᠬᠡᠷᠡᠭᠯᠡᠵᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ︾ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠭᠦ ᠤᠯᠤᠰ ᠤᠨ ︽ᠭᠠᠵᠠᠷ ᠰᠢᠷᠣᠢ ᠶᠢᠨ ᠡᠳᠦᠷ︾ ᠤᠨ ᠭᠤᠣᠯ ᠰᠡᠳᠦᠪ ᠪᠣᠯᠣᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠭᠠᠵᠠᠷ ᠰᠢᠷᠣᠢ ᠶᠢ ᠠᠷᠪᠢᠯᠠᠵᠤ ᠡᠷᠴᠢᠮᠵᠢᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢᠭᠡ ᠲᠠᠯ᠎ᠠ ᠪᠠᠷ ᠭᠠᠵᠠᠷ ᠢ ᠠᠷᠪᠢᠯᠠᠵᠤ ᠡᠷᠴᠢᠮᠵᠢᠭᠦᠯᠦᠨ ᠬᠡᠷᠡᠭᠯᠡᠵᠦ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠪᠠᠭᠠᠰᠬᠠᠬᠤ ᠶᠢ ᠶᠡᠭᠡ ᠪᠠᠷ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠯᠠᠩ ᠳᠤ ᠨᠠᠩ ᠣᠯᠠᠨ ᠰᠠᠶᠢᠨ ᠲᠠᠷᠢᠶᠠᠨ ᠭᠠᠵᠠᠷ ᠥᠩ ᠰᠢᠮᠡᠯᠢᠭ ᠬᠥᠷᠥᠰᠥ ᠰᠢᠷᠣᠢ ᠶᠢ ᠦᠯᠡᠳᠡᠭᠡᠵᠦ ᠥᠭᠭᠦᠨ᠎ᠡ; ᠨᠥᠭᠦᠭᠡ ᠲᠠᠯ᠎ᠠ ᠪᠠᠷ ᠲᠠᠷᠢᠶᠠᠨ ᠭᠠᠵᠠᠷ ᠢ ᠴᠢᠩᠭ᠎ᠠ ᠬᠠᠮᠠᠭᠠᠯᠠᠬᠤ ᠪᠠᠷ ᠠᠷᠪᠢᠯᠠᠨ ᠭᠠᠮᠨᠠᠵᠤ ᠡᠷᠴᠢᠮᠵᠢᠭᠦᠯᠦᠨ ᠭᠠᠵᠠᠷ ᠬᠡᠷᠡᠭᠯᠡᠬᠦ ᠶᠢ ᠭᠡᠳᠡᠷᠭᠦ ᠰᠢᠬᠠᠮᠳᠠᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃      ᠵᠢᠶᠠᠩᠰᠤ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠶᠠ ᠰᠢᠨ ᠮᠢᠨ ᠲᠠᠨᠢᠯᠴᠠᠭᠤᠯᠬᠤ ᠳᠠᠭᠠᠨ᠂ ᠵᠢᠶᠠᠩᠰᠤ ᠮᠤᠵᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠪᠠᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠪᠤᠳᠠᠭᠠᠨ ᠠᠶᠠᠭ᠎ᠠ ᠪᠠᠨ ᠴᠢᠩᠭ᠎ᠠ ᠪᠠᠷᠢᠬᠤ ᠶᠢᠨ ᠬᠠᠮᠲᠤ ᠲᠣᠮᠣ ᠤᠯᠤᠰ ᠤᠨ ᠠᠮᠤ ᠪᠤᠳᠠᠭᠠᠨ ᠤ ᠬᠥᠮᠥᠷᠭᠡ ᠶᠢ ᠳᠦᠭᠦᠷᠭᠡᠨ᠎ᠠ; ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠭᠦ ᠬᠦᠴᠦᠨ ᠢᠶᠠᠷ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠨᠡᠮᠡᠭᠳᠡᠭᠦᠯᠵᠦ ᠬᠠᠳᠠᠭᠠᠯᠠᠬᠤ ᠶᠢ ᠤᠶᠠᠯᠳᠤᠭᠤᠯᠬᠤ︾ ᠲᠣᠭᠲᠠᠴᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠶᠢ ᠰᠢᠰᠲ᠋ᠧᠮ ᠲᠠᠢ ᠥᠷᠨᠢᠭᠦᠯᠦᠨ᠎ᠡ᠃ ᠡᠮᠬᠢ ᠵᠢᠷᠤᠮ ᠦᠭᠡᠢ ᠥᠷᠭᠡᠳᠬᠡᠬᠦ᠂ ᠪᠦᠳᠦᠭᠦᠯᠢᠭ ᠢᠶᠠᠷ ᠠᠰᠢᠭᠯᠠᠬᠤ᠂ ᠳᠣᠣᠷ᠎ᠠ ᠪᠦᠲᠦᠮᠵᠢ ᠪᠠᠷ ᠨᠡᠭᠡᠭᠡᠨ ᠬᠥᠭᠵᠢᠭᠦᠯᠬᠦ ᠶᠢ ᠡᠷᠡᠰ ᠬᠤᠷᠢᠭᠯᠠᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠨᠥᠬᠦᠴᠡᠯᠳᠦᠯ ᠢ ᠴᠢᠷᠮᠠᠶᠢᠨ ᠪᠡᠶᠡᠯᠡᠭᠦᠯᠦᠨ᠎ᠡ ᠭᠡᠵᠡᠢ᠃      ᠭᠤᠴᠢᠨ ᠭᠤᠷᠪᠠᠳᠠᠭᠢ ᠪᠦᠭᠦ ᠤᠯᠤᠰ ᠤᠨ ︽ᠭᠠᠵᠠᠷ ᠰᠢᠷᠣᠢ ᠶᠢᠨ ᠡᠳᠦᠷ︾ ᠤᠨ ᠭᠤᠣᠯ ᠲᠠᠯᠠᠪᠤᠷ ᠤᠨ ᠠᠵᠢᠯᠯᠠᠭ᠎ᠠ ᠶᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠵᠢᠶᠠᠩᠰᠤ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠭᠢᠯᠡᠪᠡ᠃ ᠠᠵᠢᠯᠯᠠᠭ᠎ᠠ ᠨᠢ ᠪᠠᠰᠠ ᠪᠦᠭᠦ ᠤᠯᠤᠰ ᠤᠨ ︽ᠭᠤᠷᠪᠠᠳᠤᠭᠠᠷ ᠤᠳᠠᠭᠠᠨ ᠤ ᠪᠦᠭᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ︾ ᠶᠢᠨ ᠦᠷ᠎ᠡ ᠪᠦᠲᠦᠭᠡᠯ ᠤᠨ ᠴᠤᠪᠤᠷᠠᠯ ᠪᠢᠴᠢᠭ ᠵᠢᠴᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠨᠡᠶᠢᠲᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号