ᠬᠠᠮᠤᠭ ᠰᠢᠨ᠎ᠡ ᠴᠠᠯᠢᠩ ᠤᠨ ᠮᠦᠡᠭᠭᠦ ᠶᠢᠨ ᠬᠦᠰᠦᠨᠦᠭᠲᠦ ᠶᠢ ᠨᠡᠶᠢᠳᠡᠯᠡᠪᠡ︕ ᠲᠠ ᠶᠠᠮᠠᠷ ᠪᠠᠶᠢᠷᠢᠨ ᠳᠤ ᠪᠠᠶᠢᠬᠤ ᠪᠤᠯ︖  ᠦᠵᠡᠭᠡᠷᠡᠢ
ᠨᠡᠶᠢᠲᠡᠯᠡᠭᠰᠡᠨ ᠴᠠᠭ᠄
2023/6/29
       ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 6 ᠰᠠᠷ᠎ᠠ ᠶᠢᠨ  25 ᠤ ᠡᠳᠦᠷ 2022 ᠣᠨ ᠤ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠠᠳᠠᠯᠢ‌‍ᠪᠤᠰᠤ ᠠᠵᠢᠯ ᠮᠡᠷᠭᠡᠵᠢᠯ ᠤᠨ ᠠᠵᠤ ᠠᠬᠤᠶᠢᠯᠠᠯ ᠤᠨ ᠠᠵᠢᠯᠲᠠᠨ ᠤ ᠴᠠᠯᠢᠩ ᠤᠨ ᠮᠦᠡᠭᠭᠦ᠂ ᠠᠳᠠᠯᠢ ᠪᠤᠰᠤ ᠠᠵᠢᠯ ᠤᠨ  ᠪᠠᠶᠢᠷᠢ ᠵᠢᠨ‌ᠵᠡᠷᠭᠡ ᠳᠡᠰ ᠪᠦᠬᠦᠢ ᠠᠵᠤ ᠠᠬᠤᠶᠢᠯᠠᠯ ᠤᠨ ᠠᠵᠢᠯᠲᠠᠨ ᠤ ᠴᠠᠯᠢᠩ ᠤᠨ ᠮᠦᠡᠭᠭᠦ ᠶᠢᠨ ᠲᠤᠭ᠎ᠠ ᠪᠠᠷᠢᠮᠲᠠ ᠶᠢ ᠨᠡᠶᠢᠲᠡᠯᠡᠪᠡ᠃              ᠶᠠᠮᠠᠷ ᠠᠵᠢᠯ ᠮᠡᠷᠭᠡᠵᠢᠯ ᠤᠨ ᠴᠠᠯᠢᠩ ᠤᠨ ᠮᠦᠡᠭᠭᠦ ᠨᠢ ᠨᠡᠩ ᠥᠨᠳᠥᠷ ᠪᠣᠢ︖              ᠠᠵᠢᠯ ᠮᠡᠷᠭᠡᠵᠢᠯ ᠬᠤᠪᠢᠶᠠᠬᠰᠠᠨ ᠳᠤᠮᠳᠠ ᠲᠥᠷᠥᠯ ᠤᠨ ᠠᠵᠤ ᠠᠬᠤᠶᠢᠯᠠᠯ   ᠳᠤ  ᠠᠵᠢᠯᠯᠠᠵᠤ  ᠪᠠᠶᠢᠭ᠎ᠠ  ᠬᠥᠮᠦᠰ ‍ᠤᠨ‌‍ᠴᠠᠯᠢᠩ ᠤᠨ ᠮᠦᠡᠭᠭᠦ ᠳᠤ ᠢᠯᠡᠷᠡᠬᠦᠯᠦᠭᠰᠡᠨ ᠢᠶᠠᠷ᠂ ᠥᠨᠳᠥᠷ ᠣᠷᠣᠨ ᠪᠠᠶᠢᠷᠢ ᠠᠴᠠ ᠠᠪᠴᠤ ᠦᠵᠡᠪᠡᠯ᠂ ᠲᠦᠷᠦᠭᠦᠦ ᠭᠤᠷᠪᠠ ᠳ᠋ᠤ᠋‌ᠵᠢᠭᠰᠠᠭᠠᠭᠳᠠᠭᠰᠠᠨ ᠨᠢ ᠲᠣᠰ ᠲᠣᠰ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ  ᠪᠠᠶᠢᠵᠤ᠂  ᠵᠢᠯ ᠪᠦᠷᠢ 31.2 ᠲᠦᠮᠡᠨ ᠲᠥᠭᠦᠷᠢᠭ ᠤᠯᠵᠤ ᠪᠤᠢ︔ ᠮᠥᠩᠭᠦᠨ ᠬᠦᠢᠯᠭᠡᠭᠡᠨ ᠤ ᠦᠢᠯᠡᠴᠢᠯᠡᠭᠡᠨ ᠤ  ᠠᠵᠢᠯᠲᠠᠨ᠂  ᠵᠢᠯ  ᠪᠦᠷᠢ25.75 ᠲᠦᠮᠡᠨ ᠲᠥᠭᠦᠷᠢᠭ ᠤᠯᠵᠤ ᠪᠤᠢ︔ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ  ᠪᠠ  ᠮᠡᠳᠡᠭᠡ  ᠵᠠᠩᠭᠢ ᠵᠢᠨ‌ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠵᠢᠯ ᠪᠦᠷᠢ 21.64 ᠲᠦᠮᠡᠨ  ᠲᠥᠭᠦᠷᠢᠭ  ᠤᠯᠵᠤ  ᠪᠤᠢ᠃  ᠳᠤᠮᠳᠠ ᠣᠷᠣᠨ‌‍ᠪᠠᠶᠢᠷᠢ ᠠᠴᠠ ᠠᠪᠴᠤ ᠦᠵᠡᠪᠡᠯ᠂ ᠡᠮᠦᠨ᠎ᠡ ᠭᠤᠷᠪᠠ ᠳᠤ  ᠵᠢᠭᠰᠠᠭᠠᠭᠳᠠᠭᠰᠠᠨ ᠠᠵᠢᠯ  ᠮᠡᠷᠭᠡᠵᠢᠯ ᠨᠢ  ᠲᠣᠰ  ᠲᠣᠰ ᠮᠥᠩᠭᠦᠨ‌‍ᠬᠦ᠋ᠢᠯᠭᠡᠭᠡᠨ ᠤ ᠦᠢᠯᠡᠴᠢᠯᠡᠭᠡᠨ ᠤ ᠠᠵᠢᠯᠲᠠᠨ ᠪᠠᠶᠢᠵᠤ᠂ ᠵᠢᠯ ᠪᠦᠷᠢ 11.88  ᠲᠦᠮᠡᠨ  ᠲᠥᠭᠦᠷᠢᠭ  ᠤᠯᠵᠤ  ᠪᠤᠢ︔  ᠠᠵᠤ‌ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠵᠢᠯ ᠪᠦᠷᠢ 9.9 ᠲᠦᠮᠡᠨ  ᠲᠥᠭᠦᠷᠢᠭ  ᠤᠯᠵᠤ  ᠪᠤᠢ︔ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ  ᠠᠵᠢᠯᠲᠠᠨ  ᠵᠢᠯ‌‍ᠪᠦ᠋ᠷᠢ 8.72 ᠲᠦᠮᠡᠨ ᠲᠥᠭᠦᠷᠢᠭ ᠤᠯᠵᠤ ᠪᠤᠢ᠃              ᠶᠠᠮᠠᠷ ᠠᠵᠢᠯ ᠤᠨ ᠪᠠᠶᠢᠷᠢ ᠶᠢᠨ ᠴᠠᠯᠢᠩ ᠤᠨ ᠮᠦᠡᠭᠭᠦ ᠨᠢ ᠥᠨᠳᠥᠷ ᠪᠣᠢ︖              ᠠᠵᠢᠯ ᠤᠨ ᠪᠠᠶᠢᠷᠢ ᠶᠢᠨ ᠵᠡᠷᠭᠡ ᠳᠡᠰ ᠬᠤᠪᠢᠶᠠᠭᠰᠠᠨ ᠠᠵᠤ ᠠᠬᠤᠶᠢᠯᠠᠯ ᠤᠨ ᠠᠵᠢᠯ ᠡᠷᠭᠢᠯᠡᠭᠰᠡᠳ ᠤᠨ  ᠴᠠᠯᠢᠩ ‍ᠤᠨ‌ᠮᠦ᠋ᠡᠭᠭᠦ ᠳᠤ᠂ ᠬᠠᠮᠢᠶᠠᠷᠤᠯᠲᠠ ᠶᠢᠨ ᠲᠥᠷᠥᠯ ᠤᠨ ᠠᠵᠢᠯ ᠤᠨ ᠪᠠᠶᠢᠷᠢ ᠶᠢᠨ ᠵᠡᠷᠭᠡ ᠳᠡᠰ᠂ ᠮᠡᠷᠭᠡᠵᠢᠯ ᠤᠨ ᠲᠥᠷᠥᠯ ᠤᠨ  ᠠᠵᠢᠯ ‍ᠤᠨ‌‍ᠪᠠᠶᠢᠷᠢ ᠶᠢᠨ ᠵᠡᠷᠭᠡ ᠳᠡᠰ᠂ ᠤᠷ᠎ᠠ ᠴᠢᠳᠠᠪᠤᠷᠢ ᠶᠢᠨ ᠲᠥᠷᠥᠯ ᠤᠨ ᠠᠵᠢᠯ ᠤᠨ ᠪᠠᠶᠢᠷᠢ ᠶᠢᠨ ᠵᠡᠷᠭᠡ ᠳᠡᠰ ᠭᠡᠬᠦ  ᠭᠤᠷᠪᠠᠨ  ᠲᠥᠷᠥᠯ‌‍ᠪᠠᠭᠲᠠᠨ᠎ᠠ᠃ ᠠᠵᠢᠯ ᠤᠨ ᠪᠠᠶᠢᠷᠢ᠂ ᠮᠡᠷᠭᠡᠵᠢᠯ ᠤᠨ ᠴᠣᠯᠠ᠂ ᠤᠷ᠎ᠠ ᠴᠢᠳᠠᠪᠤᠷᠢ ᠨᠢ ᠭᠡᠳᠦᠢ ᠥᠨᠳᠥᠷ ᠪᠣᠯ ᠴᠠᠯᠢᠩ ᠤᠨ ᠮᠦᠡᠭᠭᠦ ᠨᠢ‌‍ᠲ᠋ᠡᠳᠦᠢ ᠥᠨᠳᠥᠷ ᠶᠤᠮ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号