ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ | ᠤ ᠣᠷᠣᠨ ᠤ ᠣᠯᠠᠨ ᠭᠠᠵᠠᠷ ᠠᠳᠠᠯᠢ ᠪᠤᠰᠤ ᠬᠡᠮᠵᠢᠶ᠎ᠡ ᠪᠠᠷ ᠭᠠᠩᠳᠠᠵᠤ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ | ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ ᠪᠣᠯᠣᠨ ᠴᠠᠭ ᠠᠭᠤᠷ᠂ ᠲᠠᠷᠢᠶᠠᠯᠠᠩ ᠮᠠᠯ ᠠᠵᠤ ᠠᠬᠤᠢ | ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠩ ᠤᠨ ᠪᠠᠶᠢᠳᠠᠯ ᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ | ᠤᠷᠢᠳᠴᠢᠯᠠᠨ ᠪᠠᠶᠢᠷᠢᠯᠠᠭᠤᠯᠤᠨ ᠡᠷᠲᠡᠬᠡᠨ ᠬᠥᠳᠡᠯᠦᠯᠴᠡᠵᠦ᠂ ᠪᠦᠭᠦ ᠬᠦᠴᠦᠨ ᠢᠶᠠᠷ ᠭᠠᠩ ᠬᠠᠭᠰᠠᠷᠠᠭᠠᠨ ᠲᠠᠢ | ᠲᠡᠮᠡᠴᠡᠵᠦ᠂ ᠤᠰᠤᠨ ᠤ ᠬᠠᠩᠭᠠᠯᠭ᠎ᠠ ᠶᠢ ᠪᠠᠲᠤᠯᠠᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠢ | ᠪᠠᠲᠤᠯᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠮᠡᠳᠡᠭᠡᠯᠡᠭᠰᠡᠨ ᠢᠶᠠᠷ᠂ ᠡᠨᠡ ᠵᠢᠯ ᠤᠨ | 1 ᠰᠠᠷ᠎ᠠ ᠶᠢᠨ 1 ᠠᠴᠠ 6 ᠰᠠᠷ᠎ᠠ ᠶᠢᠨ 24 ᠤ ᠡᠳᠦᠷ ᠪᠤᠯᠲᠠᠯ᠎ᠠ ᠮᠠᠨ ᠤ ᠣᠷᠣᠨ ᠤ ᠬᠤᠷ᠎ᠠ ᠲᠤᠨᠳᠠᠰᠤ ᠶᠢᠨ | ᠬᠡᠮᠵᠢᠶ᠎ᠡ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 14.2 ᠮᠢᠯᠢᠮᠧᠲᠷ ᠪᠠᠭᠠᠰᠴᠤ᠂ ᠬᠢᠩᠭᠠᠨ | ᠠᠶᠢᠮᠠᠭ ᠤᠨ ᠳᠤᠮᠳᠠ ᠪᠠ ᠡᠮᠦᠨ᠎ᠡ ᠪᠡᠶ᠎ᠡ᠂ ᠲᠦᠩᠯᠢᠶᠣᠣ ᠬᠤᠳᠠ ᠪᠣᠯᠣᠨ ᠤᠯᠠᠭᠠᠨᠬᠠᠳᠠ ᠬᠤᠳᠠ ᠶᠢᠨ ᠶᠡᠬᠡᠩᠬᠢ | ᠭᠠᠵᠠᠷ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠤᠶᠢᠲᠤ ᠪᠡᠶ᠎ᠡ᠂ ᠪᠤᠭᠤᠲᠤ ᠬᠤᠳᠠ ᠶᠢᠨ ᠬᠤᠶᠢᠲᠤ ᠪᠡᠶ᠎ᠡ᠂ | ᠪᠠᠶᠠᠨᠨᠠᠭᠤᠷ ᠬᠤᠳᠠ ᠶᠢᠨ ᠶᠡᠬᠡᠩᠬᠢ ᠭᠠᠵᠠᠷ᠂ ᠦᠬᠠᠢ ᠬᠤᠳᠠ᠂ ᠠᠯᠠᠱᠠ ᠠᠶᠢᠮᠠᠭ ᠤᠨ ᠵᠡᠭᠦᠨ ᠬᠤᠶᠢᠲᠤ ᠪᠡᠶ᠎ᠡ | ᠵᠡᠷᠭᠡ ᠭᠠᠵᠠᠷ ᠤᠨ ᠬᠤᠷ᠎ᠠ ᠲᠤᠨᠳᠠᠰᠤ ᠶᠢᠨ ᠬᠡᠮᠵᠢᠶ᠎ᠡ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ | 25% ᠠᠴᠠ ᠳᠡᠭᠡᠭᠰᠢ ᠪᠠᠭᠠᠰᠪᠠ᠃ ᠡᠭᠦᠨ ᠳᠤ ᠤᠯᠠᠭᠠᠨᠬᠠᠳᠠ ᠬᠤᠳᠠ ᠶᠢᠨ ᠳᠤᠮᠳᠠ ᠪᠠ ᠡᠮᠦᠨ᠎ᠡ ᠪᠡᠶ᠎ᠡ᠂ | ᠪᠠᠶᠠᠨᠨᠠᠭᠤᠷ ᠬᠤᠳᠠ ᠶᠢᠨ ᠪᠠᠷᠠᠭᠤᠨ ᠪᠡᠶ᠎ᠡ᠂ ᠦᠬᠠᠢ ᠬᠤᠳᠠ ᠵᠢᠴᠢ ᠬᠤᠷᠴᠢᠨ ᠪᠠᠷᠠᠭᠤᠨ ᠭᠠᠷᠤᠨ ᠲᠤᠮᠳᠠᠳᠤ | ᠬᠤᠰᠢᠭᠤ᠂ ᠨᠠᠢᠮᠠᠨ ᠬᠤᠰᠢᠭᠤ᠂ ᠵᠠᠷᠤᠳ ᠬᠤᠰᠢᠭᠤ᠂ ᠺᠠᠶᠢᠯᠤ ᠰᠢᠶᠠᠨ᠂ ᠪᠠᠷᠠᠭᠤᠨ ᠦᠵᠦᠮᠦᠴᠢᠨ ᠬᠤᠰᠢᠭᠤ ᠵᠡᠷᠭᠡ | ᠭᠠᠵᠠᠷ ᠤᠨ ᠬᠤᠷ᠎ᠠ ᠲᠤᠨᠳᠠᠰᠤ ᠶᠢᠨ ᠬᠡᠮᠵᠢᠶ᠎ᠡ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 50% | ᠠᠴᠠ ᠳᠡᠭᠡᠭᠰᠢ ᠪᠠᠭᠠᠰᠴᠠᠢ᠃ 6 ᠰᠠᠷ᠎ᠠ ᠶᠢᠨ 24 ᠤ ᠡᠳᠦᠷ ᠪᠤᠯᠲᠠᠯ᠎ᠠ ᠭᠠᠩ ᠬᠠᠭᠰᠠᠷᠠᠭᠠᠨ ᠳᠤ ᠳᠠᠭᠠᠷᠢᠬᠳᠠᠬᠰᠠᠨ | ᠲᠠᠯᠠᠪᠠᠶ ᠨᠢᠭᠡᠨᠲᠡ 60.22 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠪᠦᠭᠦ ᠣᠷᠣᠨ ᠤ ᠲᠠᠷᠢᠶᠠᠨ | ᠭᠠᠵᠠᠷ ᠨᠤᠲᠤᠭ ᠪᠡᠯᠴᠢᠭᠡᠷ ᠤᠢ ᠰᠢᠭᠤᠢ ᠶᠢᠨ ᠶᠡᠷᠦᠩᠬᠡᠢ ᠲᠠᠯᠠᠪᠠᠶ ᠶᠢᠨ 60.6% ᠶᠢ ᠡᠵᠡᠯᠡᠨ᠂ ᠳᠤᠮᠳᠠ ᠵᠡᠷᠭᠡ | ᠶᠢᠨ ᠭᠠᠩ ᠬᠠᠭᠰᠠᠷᠠᠭᠠᠨ ᠢᠶᠠᠷ ᠭᠤᠣᠯᠯᠠᠵᠤ᠂ ᠬᠥᠯᠥᠨ ᠪᠤᠶᠢᠷ ᠬᠤᠲᠠ ᠶᠢᠨ ᠪᠠᠷᠠᠭᠤᠨ ᠪᠡᠶ᠎ᠡ᠂ ᠲᠦᠩᠯᠢᠶᠣᠣ ᠬᠤᠲᠠ | ᠶᠢᠨ ᠡᠮᠦᠨ᠎ᠡ ᠪᠡᠶ᠎ᠡ᠂ ᠤᠯᠠᠭᠠᠨᠬᠠᠳᠠ ᠬᠤᠲᠠ ᠪᠣᠯᠣᠨ ᠰᠢᠯᠢ ᠶᠢᠨ ᠭᠤᠣᠯ ᠠᠶᠢᠮᠠᠭ ᠤᠨ ᠶᠡᠬᠡᠩᠬᠢ ᠭᠠᠵᠠᠷ᠂ | ᠤᠯᠠᠭᠠᠨᠴᠠᠪ ᠬᠤᠲᠠ ᠶᠢᠨ ᠳᠤᠮᠳᠠ ᠪᠠ ᠬᠤᠶᠢᠲᠤ ᠪᠡᠶ᠎ᠡ᠂ ᠪᠤᠭᠤᠲᠤ ᠬᠤᠲᠠ᠂ ᠭᠦᠭᠡᠬᠤᠲᠠ ᠪᠣᠯᠣᠨ ᠪᠠᠶᠠᠨᠨᠠᠭᠤᠷ | ᠬᠤᠲᠠ ᠶᠢᠨ ᠶᠡᠬᠡᠩᠬᠢ ᠭᠠᠵᠠᠷ᠂ ᠣᠷᠳᠣᠰ ᠬᠤᠲᠠ ᠶᠢᠨ ᠬᠡᠰᠡᠭ ᠭᠠᠵᠠᠷ ᠵᠢᠴᠢ ᠠᠯᠠᠱᠠ ᠠᠶᠢᠮᠠᠭ ᠤᠨ ᠶᠡᠬᠡᠩᠬᠢ | ᠭᠠᠵᠠᠷ ᠲᠤ ᠨᠡᠶᠢᠳᠡᠮ ᠳᠤᠮᠳᠠ ᠵᠡᠷᠭᠡ ᠠᠴᠠ ᠳᠡᠭᠡᠭᠰᠢᠬᠢ ᠭᠠᠩ ᠬᠠᠭᠰᠠᠷᠠᠭᠠᠨ ᠡᠭᠦᠰᠪᠡ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠭᠠᠩ ᠤᠨ ᠪᠠᠶᠢᠳᠠᠯ ᠢ ᠬᠢᠨᠠᠨ | ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠭᠠᠩᠳᠠᠭᠰᠠᠨ ᠭᠠᠵᠠᠷ ᠣᠷᠣᠨ ᠤ ᠤᠰᠤᠨ | ᠤ ᠬᠠᠩᠭᠠᠯᠭ᠎ᠠ ᠪᠠ ᠤᠰᠤ ᠤᠮᠳᠠ ᠶᠢᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠶ ᠡᠵᠡᠮᠰᠢᠵᠦ᠂ ᠲᠤᠬᠠᠢ ᠶᠢᠨ | ᠭᠠᠵᠠᠷ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠢ ᠪᠦᠳᠦᠮᠵᠢᠳᠠᠢ ᠵᠢᠯᠤᠭᠤᠳᠴᠤ ᠪᠠᠶᠢᠨ᠎ᠠ; | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠳᠠᠭ᠎ᠠ ᠪᠦᠷᠢ ᠶᠢᠨ ᠪᠣᠷᠣᠭᠠᠨ | ᠣᠷᠣᠬᠤ ᠶᠠᠪᠤᠴᠠ ᠶᠢ ᠠᠳᠬᠤᠨ ᠪᠠᠷᠢᠯᠭ᠎ᠠ ᠶᠢᠨ ᠤᠰᠤᠨ ᠤ ᠬᠠᠳᠠᠭᠠᠯᠠᠭᠳᠠᠴᠠ ᠶᠢ ᠴᠢᠷᠮᠠᠶᠢᠨ ᠨᠡᠮᠡᠭᠳᠡᠭᠦᠯᠪᠠ; | ᠤᠰᠤᠨ ᠠᠰᠢᠭᠯᠠᠯᠲᠠ ᠶᠢᠨ ᠪᠠᠷᠢᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠢᠵᠠᠭᠠᠷ ᠲᠠᠢ ᠤᠰᠤᠨ ᠤ ᠬᠡᠮᠵᠢᠶ᠎ᠡ | ᠶᠢ ᠡᠩ ᠲᠡᠷᠢᠭᠦᠨ ᠳᠤ ᠤᠰᠤ ᠤᠮᠳᠠ ᠪᠠ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠳᠤ ᠭᠡᠷᠡᠭᠯᠡᠪᠠ; | ᠭᠠᠩ ᠤᠨ ᠪᠠᠶᠢᠳᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠢ ᠡᠮᠦᠨ᠎ᠡ ᠹᠷᠣᠨᠲ ᠲᠤ | ᠲᠣᠮᠢᠯᠠᠨ ᠪᠠᠭᠤᠯᠭᠠᠵᠤ᠂ ᠡᠯ᠎ᠡ ᠭᠠᠵᠠᠷ ᠤᠨ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ | ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠬᠤ ᠬᠠᠮᠢᠶᠠᠷᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠢᠶᠠᠷ | ᠥᠪᠡᠷ ᠢ ᠪᠠᠨ ᠠᠪᠤᠷᠠᠬᠤ ᠠᠵᠢᠯ ᠢ ᠥᠷᠨᠢᠭᠦᠯᠵᠦ ᠪᠠᠶᠢᠨ᠎ᠠ᠃ | ᠮᠠᠨ ᠤ ᠣᠷᠣᠨ ᠤ 5 ᠠᠶᠢᠮᠠᠭ ᠬᠤᠲᠠ ᠨᠢᠭᠡᠨᠲᠡ ᠭᠠᠩ ᠬᠠᠭᠰᠠᠷᠠᠭᠠᠨ ᠲᠠᠢ ᠲᠡᠮᠡᠴᠡᠬᠦ IV ᠲᠠᠰ ᠤᠨ ᠪᠠᠴᠢᠮ | ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠡᠬᠢᠯᠡᠭᠦᠯᠵᠦ᠂ ᠨᠢᠭᠡ ᠲᠤᠰᠠᠭᠠᠷ ᠲᠥᠯᠥᠪᠯᠡᠭᠡᠲᠦ ᠬᠤᠲᠠ ᠭᠠᠩ | ᠬᠠᠭᠰᠠᠷᠠᠭᠠᠨ ᠲᠠᠢ ᠲᠡᠮᠡᠴᠡᠬᠦ III ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠡᠬᠢᠯᠡᠭᠦᠯᠪᠡ᠃ | ᠣᠳᠣᠬᠠᠨ ᠪᠤᠯᠲᠠᠯ᠎ᠠ ᠪᠦᠭᠦ ᠣᠷᠣᠨ ᠳᠤ ᠨᠡᠶᠢᠲᠡ ᠭᠠᠩ ᠬᠠᠭᠰᠠᠷᠠᠭᠠᠨ ᠲᠠᠢ ᠲᠡᠮᠡᠴᠡᠬᠦ 20.29 ᠲᠦᠮᠡᠨ ᠬᠥᠮᠥᠨ᠂ | 615 ᠢᠵᠢ ᠪᠡᠯᠡᠳᠬᠡᠯ ᠲᠥᠬᠦᠭᠡᠷᠦᠮᠵᠢ ᠪᠠ 2246 ᠮᠠᠰᠢᠨ ᠲᠡᠷᠭᠡ ᠲᠣᠬᠢᠷᠠᠭᠤᠯᠵᠤ᠂ ᠡᠯ᠎ᠡ ᠱᠠᠲᠤᠨ ᠤ ᠡᠳ᠋ ᠤᠨ | ᠵᠠᠰᠠᠭ ᠠᠴᠠ 1486 ᠲᠦᠮᠡᠨ ᠲᠥᠭᠦᠷᠢᠭ ᠪᠠᠭᠤᠯᠭᠠᠨ ᠭᠠᠩᠳᠠᠭᠰᠠᠨ ᠭᠠᠵᠠᠷ ᠣᠷᠣᠨ ᠤ ᠲᠠᠷᠢᠶᠠᠨ ᠭᠠᠵᠠᠷ ᠢ | ᠤᠰᠤᠯᠠᠬᠤ᠂ ᠬᠢᠯᠢ ᠶᠢᠨ ᠮᠠᠯᠵᠢᠬᠤ ᠣᠷᠣᠨ ᠤ ᠭᠠᠩ ᠬᠠᠭᠰᠠᠷᠠᠭᠠᠨ ᠠᠴᠠ ᠪᠣᠯᠵᠤ ᠤᠰᠤ ᠳᠤᠲᠠᠭᠳᠠᠬᠤ ᠪᠠ ᠬᠤᠯᠠ | ᠠᠴᠠ ᠤᠰᠤ ᠵᠥᠭᠡᠭᠡᠬᠦ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠪᠡ᠃ |