ᠪᠠᠷᠢᠯᠭ᠎ᠠ ᠶᠢᠨ ᠠᠵᠢᠯᠴᠢᠳ VR ᠭᠠᠷᠴᠤ ᠪᠠᠭᠤᠬᠤ ᠲᠠᠪᠴᠠᠩ ᠢ ᠪᠡᠶᠡᠴᠢᠯᠡᠨ ᠣᠶᠢᠯᠠᠭᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠦᠨ᠎ᠠ
ᠨᠡᠶᠢᠲᠡᠯᠡᠭᠰᠡᠨ ᠴᠠᠭ᠄
2023/6/29
     ᠡᠨᠡ ᠵᠢᠯ ᠤᠨ 6 ᠰᠠᠷ᠎ᠠ ᠪᠣᠯ ᠪᠦᠭᠦ ᠤᠯᠤᠰ ᠤᠨ ᠬᠤᠷᠢᠨ ᠬᠤᠶᠠᠳᠠᠭᠢ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠣᠨ᠎ᠠ᠃ ᠱᠠᠨᠳᠦ᠋ᠩ ᠮᠤᠵᠢ ᠶᠢᠨ ᠴᠢᠩᠳᠣᠣ ᠬᠤᠲᠠ ᠶᠢᠨ ᠵᠢᠢ ᠮᠦᠸᠧ ᠲᠣᠭᠤᠷᠢᠭ ᠤᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠷᠢᠯᠭ᠎ᠠ ᠶᠢᠨ ᠠᠵᠢᠯᠴᠢᠳ ᠢ ᠵᠣᠬᠢᠶᠠᠨ ᠪᠠᠶᠢᠭᠤᠯᠤᠨ ᠴᠢᠩᠳᠣᠣ ᠶᠢᠨ ᠭᠠᠵᠠᠷ ᠳᠣᠣᠷᠠᠬᠢ ᠲᠡᠮᠦᠷ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠶᠠᠰᠤ ᠴᠢᠨᠠᠷ ᠤᠨ ᠬᠥᠮᠦᠵᠢᠯ ᠪᠣᠯᠪᠠᠰᠤᠷᠠᠯ ᠤᠨ ᠰᠠᠭᠤᠷᠢᠨ ᠳᠤ ᠬᠦᠷᠴᠦ᠂ VR ᠠᠮᠤᠷ ᠲᠦᠪᠰᠢᠨ ᠤ ᠪᠦᠰᠡ ᠶᠢ ᠠᠰᠢᠭᠯᠠᠬᠤ᠂ ᠪᠠᠴᠢᠮ ᠠᠪᠤᠷᠠᠯᠳᠠ ᠬᠢᠬᠦ᠂ ᠴᠠᠭᠢᠯᠭᠠᠨ ᠳᠤ ᠴᠣᠬᠢᠭᠳᠠᠬᠤ ᠵᠡᠷᠭᠡ ᠲᠦᠷᠦᠯ ᠵᠦᠢᠯ ᠢ ᠪᠡᠶᠡᠴᠢᠯᠡᠨ ᠣᠶᠢᠯᠠᠭᠠᠵᠤ᠂ ᠪᠠᠷᠢᠯᠭ᠎ᠠ ᠶᠢᠨ ᠠᠵᠢᠯᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠵᠢᠷᠤᠭ ᠪᠣᠯ ᠠᠵᠢᠯᠴᠢᠳ VR ᠭᠠᠷᠴᠤ ᠪᠠᠭᠤᠬᠤ ᠲᠠᠪᠴᠠᠩ ᠢ ᠪᠡᠶᠡᠴᠢᠯᠡᠨ ᠣᠶᠢᠯᠠᠭᠠᠵᠤ ᠪᠠᠶᠢᠭ᠎ᠠ ᠨᠢ᠃
ᠰᠢᠨᠬᠤᠸᠠ ᠬᠤᠷᠢᠶ᠎ᠠ ᠶᠢᠨ ᠭᠡᠷᠡᠯ ᠵᠢᠷᠤᠭ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号