ᠪᠠᠷᠠᠭᠤᠨ ᠤᠯᠠᠭᠠᠨᠪᠤᠯᠠᠭ ᠪᠠᠯᠭᠠᠰᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/30
      ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠡᠷᠡᠰ  ᠬᠤᠷᠢᠭᠯᠠᠵᠤ ᠂ ᠨᠢᠩᠰᠢᠶᠠ ᠶᠢᠨ ᠢᠷᠭᠠᠢ ᠬᠤᠲᠠ ᠶᠢᠨ ᠰᠢᠩᠴᠢᠩ ᠲᠣᠭᠤᠷᠢᠭ ᠤᠨ ᠹᠦᠶᠠᠩ ᠱᠣᠷᠤᠯᠢᠭ ᠤᠨ ᠭᠠᠵᠠᠷ ᠲᠤ ᠭᠠᠷᠤᠭᠰᠠᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ  ᠪᠠᠲᠤᠯᠠᠬᠤ ᠶᠢᠨ ᠲᠥᠯᠥᠭᠡ᠂ 6 ᠰᠠᠷ᠎ᠠ ᠶᠢᠨ 27  ᠤ ᠡᠳᠦᠷ ᠠᠴᠠ 28  ᠤ ᠡᠳᠦᠷ ᠪᠣᠯᠲᠠᠯ᠎ᠠ᠂ ᠪᠠᠷᠠᠭᠤᠨ ᠤᠯᠠᠭᠠᠨᠪᠤᠯᠠᠭ ᠪᠠᠯᠭᠠᠰᠤᠨ ᠤ ᠳᠡᠳ᠋ ᠳᠠᠷᠤᠭ᠎ᠠ ᠯᠢ ᠲᠢᠶᠠᠨ ᠷᠦᠩ᠂ ᠵᠡᠪᠰᠡᠭᠲᠦ ᠬᠦᠴᠦᠨ ᠤ  ᠬᠡᠯᠲᠡᠰ ᠤᠨ ᠳᠠᠷᠤᠭ᠎ᠠ ᠸᠠᠩ ᠵᠧᠨ ᠳ᠋ᠦᠩ᠂ ᠪᠠᠯᠭᠠᠰᠤᠨ ᠤ ᠳᠡᠳ᠋ ᠳᠠᠷᠤᠭ᠎ᠠ ᠶᠣᠣ ᠶᠤᠸᠠᠨ᠂ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠦᠬᠦ ᠺᠠᠳ᠋ᠷ ᠵᠢᠴᠢ ᠡᠯ᠎ᠡ ᠲᠣᠰᠬᠤᠨ ᠤ ᠬᠤᠶᠠᠷ ᠵᠥᠪᠯᠡᠯ ᠤᠨ ᠪᠦᠷᠢᠯᠳᠦᠭᠦᠨ ᠨᠠᠷ ᠬᠠᠷᠢᠶ᠎ᠠ ᠲᠣᠭᠤᠷᠢᠭ ᠲᠠᠬᠢ ᠰᠢᠩᠭᠡᠨᠵᠢᠮᠡᠯ ᠴᠢᠯᠠᠭᠤᠨ ᠲᠤᠰᠤᠨ ᠤ ᠬᠡᠢ ᠬᠡᠷᠡᠭᠯᠡᠵᠦ ᠪᠠᠶᠢᠭ᠎ᠠ ᠠᠵᠤ ᠠᠬᠤᠶᠢᠯᠠᠯ ᠪᠣᠯᠣᠨ ᠰᠠᠭᠤᠭᠠᠯᠢ ᠠᠷᠠᠳ ᠤᠨ ᠬᠡᠷᠡᠭᠯᠡᠭᠴᠢᠳ ᠲᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠵᠡᠢ᠃
     ᠪᠠᠶᠢᠴᠠᠭᠠᠬᠤ ᠠᠵᠢᠯᠲᠠᠳ ᠬᠠᠷᠢᠶ᠎ᠠ ᠣᠷᠣᠨ ᠤ ᠪᠠᠨ ᠪᠣᠶ ᠪᠦᠬᠦᠢ ᠠᠵᠤ ᠠᠬᠤᠶᠢᠯᠠᠯ᠂ ᠲᠣᠰᠬᠤᠨ ᠤ ᠠᠷᠠᠳ ᠢ ᠲᠣᠰᠬᠤᠨ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠰᠢᠲᠠᠮᠠᠬᠠᠢ ᠬᠡᠢ ᠶᠢᠨ ᠳᠠᠯᠳᠠ ᠬᠡᠮ ᠢ ᠣᠷᠬᠢᠭᠳᠠᠭᠤᠯᠬᠤ ᠦᠭᠡᠢ᠂ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠥᠯᠥ ᠦᠯᠡᠳᠡᠭᠡᠬᠦ ᠶᠢ ᠪᠠᠲᠤᠯᠠᠭᠰᠠᠨ ᠪᠥᠭᠡᠳ ᠰᠢᠲᠠᠮᠠᠬᠠᠢ ᠬᠡᠢ ᠶᠢᠨ ᠬᠡᠷᠡᠭᠯᠡᠯᠲᠡ ᠳᠤ ᠬᠤᠯᠪᠣᠭᠳᠠᠭᠰᠠᠨ ᠢᠳᠡᠭᠡᠨ ᠤᠮᠳᠠᠭᠠᠨ ᠤ ᠠᠵᠤ ᠠᠬᠤᠶᠢᠯᠠᠯ᠂ ᠨᠢᠭᠡᠴᠡ ᠪᠣᠯᠣᠨ ᠲᠣᠰᠬᠤᠨ ᠤ ᠠᠷᠠᠳ ᠤᠨ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠪᠠᠶᠢᠳᠠᠯ ᠳᠤ ᠨᠠᠷᠢᠨ ᠨᠢᠮᠪᠠᠢ ᠪᠠᠶᠢᠴᠠᠭᠠᠯᠲᠠ ᠬᠢᠭᠰᠡᠨ ᠪᠠᠶᠢᠨ᠎ᠠ᠃ ᠬᠢᠷᠢ ᠬᠡᠮ ᠲᠠᠢ ᠰᠢᠲᠠᠮᠠᠬᠠᠢ ᠬᠡᠢ ᠬᠠᠩᠭᠠᠬᠤ ᠨᠢᠭᠡᠴᠡ ᠠᠴᠠ ᠰᠢᠲᠠᠮᠠᠬᠠᠢ ᠬᠡᠢ ᠶᠢᠨ ᠰᠠᠪᠠ  ᠬᠤᠳᠠᠯᠳᠤᠨ ᠠᠪᠤᠭᠰᠠᠨ ᠡᠰᠡᠬᠦ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠪᠠ ᠲᠠᠰᠤᠯᠬᠤ ᠲᠥᠬᠦᠭᠡᠷᠦᠮᠵᠢ ᠶᠢ ᠵᠢᠷᠤᠮᠵᠢᠯ ᠲᠠᠢ ᠤᠭᠰᠠᠷᠠᠵᠤ ᠬᠡᠷᠡᠭᠯᠡᠭᠰᠡᠨ ᠡᠰᠡᠬᠦ᠂ ᠰᠢᠲᠠᠭᠠᠬᠤ ᠵᠤᠤᠬ᠎ᠠ ᠳᠤ ᠭᠠᠯ ᠤᠨᠲᠠᠷᠠᠭᠠᠬᠤ ᠬᠠᠮᠠᠭᠠᠯᠠᠯᠲᠠ ᠶᠢᠨ ᠲᠥᠬᠦᠭᠡᠷᠦᠮᠵᠢ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠬᠤᠭᠤᠯᠠᠢ᠂ ᠳᠠᠷᠤᠯᠲᠠ ᠶᠢ ᠪᠠᠭᠤᠷᠠᠭᠤᠯᠬᠤ ᠨᠡᠭᠡᠯᠡᠭᠡᠢ᠂ ᠬᠡᠢ ᠶᠢᠨ ᠯᠣᠩᠬᠤ ᠵᠡᠷᠭᠡ ᠲᠥᠬᠦᠭᠡᠷᠦᠮᠵᠢ ᠳᠤ ᠬᠠᠭᠤᠴᠢᠷᠠᠵᠤ ᠬᠡᠢ ᠭᠤᠭᠤᠵᠢᠵᠤ ᠡᠪᠳᠡᠷᠡᠭᠰᠡᠨ ᠪᠤᠶᠤ ᠰᠤᠯᠠ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠠᠵᠢᠯᠲᠠᠳ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠳᠠᠯᠳᠠ ᠬᠡᠮ ᠤᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠵᠢᠭᠠᠨ ᠵᠢᠯᠤᠭᠤᠳᠴᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠰᠢᠪᠠᠳᠠᠵᠤ ᠪᠠᠶᠢᠭᠠᠳ ᠲᠡᠷᠡ ᠳᠠᠷᠤᠢ ᠳᠤᠨᠢ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ ︽ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠤᠭᠤᠯᠬᠤ ᠶᠢ  ᠵᠠᠷᠯᠢᠭᠳᠠᠬᠤ ᠮᠡᠳᠡᠭᠳᠡᠯ ᠤᠨ ᠪᠢᠴᠢᠭ︾ ᠪᠠᠭᠤᠯᠭᠠᠵᠠᠢ᠃
     ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ᠂ ᠨᠡᠶᠢᠲᠡ 13 ᠠᠵᠤ ᠠᠬᠤᠶᠢᠯᠠᠯ᠂ ᠬᠤᠷᠰᠢᠶ᠎ᠠ᠂ 2 ᠲᠣᠰᠬᠤᠨ ᠤ ᠵᠥᠪᠯᠡᠯ ᠳᠤ ᠪᠠᠶᠢᠴᠠᠭᠠᠯᠲᠠ ᠬᠢᠵᠦ᠂ 23 ᠡᠷᠦᠬᠡ ᠰᠢᠲᠠᠮᠠᠬᠠᠢ ᠬᠡᠢ ᠬᠡᠷᠡᠭᠯᠡᠬᠦ ᠲᠣᠰᠬᠤᠨ ᠤ ᠠᠷᠠᠳ  ᠲᠤ ᠬᠤᠯᠪᠣᠭᠳᠠᠵᠠᠢ᠃ 23 ᠡᠷᠦᠬᠡ ᠰᠢᠲᠠᠮᠠᠬᠠᠢ ᠬᠡᠢ ᠬᠡᠷᠡᠭᠯᠡᠬᠦ ᠲᠣᠰᠬᠤᠨ ᠤ ᠠᠷᠠᠳ ᠶᠢ ᠪᠠᠶᠢᠴᠠᠭᠠᠵᠤ᠂ ᠲᠠᠷᠠᠭᠠᠴᠢ ᠶᠢᠨ ᠠᠯᠬᠤᠮ ᠳᠤ᠂ ᠪᠠᠷᠠᠭᠤᠨ ᠤᠯᠠᠭᠠᠨᠪᠤᠯᠠᠭ ᠪᠠᠯᠭᠠᠰᠤ ᠶᠢᠨ ᠬᠢᠨ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠶᠢ ᠴᠠᠭ ᠲᠤᠬᠠᠢ ᠳᠤᠨᠢ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠲᠣᠰᠬᠤᠨ ᠤ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠭᠠᠯ ᠴᠠᠬᠢᠯᠭᠠᠨ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠭᠦᠯᠬᠦ ᠶᠢᠨ ᠬᠠᠮᠲᠤ᠂ ᠭᠤᠷᠪᠠᠳᠤᠭᠠᠷ ᠪᠦᠯᠦᠭ ᠤᠨ ᠰᠢᠲᠠᠮᠠᠬᠠᠢ ᠬᠡᠢ ᠶᠢᠨ ᠪᠠᠭᠠᠵᠢ ᠶᠢ ᠰᠣᠯᠢᠬᠤ ᠠᠵᠢᠯ ᠢᠶᠠᠷ ᠳᠠᠮᠵᠢᠭᠤᠯᠤᠨ ᠬᠡᠰᠡᠭ ᠰᠠᠭᠤᠭᠠᠯᠢ ᠠᠷᠠᠳ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠰᠢᠢᠳᠪᠦᠷᠢᠯᠡᠵᠦ᠂ ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃      ᠢᠷᠡᠯᠲᠡ᠄ ᠪᠠᠷᠠᠭᠤᠨ ᠤᠯᠠᠭᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号