ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 18 ᠳ᠋ᠤᠭᠠᠷ ᠤᠳᠠᠭᠠᠨ ᠤ  ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/30
     6 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢᠶᠠᠨ ᠤ ᠳᠡᠭᠡᠷ᠎ᠡ ᠬᠠᠭᠠᠰ ᠵᠢᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠤᠬᠠᠮᠰᠠᠷ ᠠᠴᠠ ᠪᠠᠨ ᠡᠭᠦᠷᠭᠡᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠰᠢᠶᠠᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠡᠷᠡᠰ ᠭᠤᠶᠢᠪᠢᠰᠢ ᠦᠭᠡᠢ ᠪᠠᠷ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ︔ ᠨᠠᠷᠢᠯᠢᠭ ᠣᠨᠣᠴᠠᠲᠠᠶ ᠪᠠᠷ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠠᠰᠠᠭᠤᠳᠠᠯ ᠢ ᠦᠨᠡᠨᠬᠦ ᠥᠭᠡᠷᠡᠴᠢᠯᠡᠵᠦ᠂ ᠲᠤᠶᠢᠯᠪᠤᠷᠢᠲᠠᠢ ᠥᠭᠡᠷᠡᠴᠢᠯᠡᠬᠦ ᠬᠡᠷᠡᠭᠲᠡᠢ ︔ ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠵᠥᠷᠢᠶ᠎ᠡ ᠪᠠᠨ ᠣᠨᠣᠪᠴᠢᠲᠠᠢ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠲᠠᠬᠢᠨ ᠰᠤᠳᠤᠯᠵᠤ᠂ ᠲᠠᠬᠢᠨ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号