ᠦᠴᠦᠸᠠᠨ ᠰᠢᠶᠠᠨ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠲᠠᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2023/6/30
      6 ᠰᠠᠷ᠎ᠠ ᠶᠢᠨ 28 ᠤ ᠡᠳᠦᠷ᠂ ᠦᠴᠦᠸᠠᠨ ᠰᠢᠶᠠᠨ ᠬᠢᠭᠡᠳ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠶᠠᠷᠢᠯᠴᠠᠬᠤ ᠬᠤᠷᠠᠯ ᠮᠠᠨ ᠤ ᠰᠢᠶᠠᠨ ᠳᠤ ᠬᠤᠷᠠᠯᠳᠤᠵᠤ᠂ ᠬᠤᠶᠠᠷ ᠭᠠᠵᠠᠷ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠮᠧᠨ ᠲᠧᠦ ᠭᠧᠦ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦᠢ ᠴᠧᠨ ᠹᠧᠢ ᠨᠠᠷ ᠮᠠᠨ ᠤ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠭᠡᠸ᠋ ᠵᠢᠶᠦ᠋ᠨ ᠺᠠᠢ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠬᠠᠢ ᠹᠧᠩ᠂ ᠬᠤᠳᠠ ᠶᠢᠨ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠦᠨ ᠰᠢᠨ ᠮᠢᠩ ᠪᠠᠷ᠎ᠠ ᠪᠣᠯᠵᠣ᠂ ᠰᠢᠶᠠᠨ ᠤ ᠤᠳᠤᠷᠢᠳᠤᠯᠭ᠎ᠠ ᠬᠠᠳᠠ ᠨᠠᠷ ᠶᠠᠷᠢᠯᠴᠠᠬᠤ ᠬᠤᠷᠠᠯ ᠳᠤ ᠣᠷᠣᠯᠴᠠᠪᠠ᠃
     ᠬᠤᠷᠠᠯ ᠠᠴᠠ ᠦᠴᠦᠸᠠᠨ ᠰᠢᠶᠠᠨ ᠪᠣᠯᠣᠨ ᠮᠧᠨ ᠲᠧᠦ ᠭᠧᠦ ᠲᠣᠭᠤᠷᠢᠭ ᠤᠨ 2023 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠶᠠᠷ ᠲᠠᠯ᠎ᠠ ᠶᠢᠨ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠪᠠ᠃      ᠯᠢᠦᠢ ᠴᠧᠨ ᠹᠧᠢ ᠢᠯᠡᠷᠬᠡᠶᠢᠯᠡᠬᠦ ᠳᠡᠭᠡᠨ᠂ ᠦᠴᠦᠸᠠᠨ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠬᠦᠴᠦᠲᠡᠢ ᠳᠡᠮᠵᠢᠵᠦ ᠪᠠᠶᠢᠬᠤ ᠳᠤ ᠲᠠᠯᠠᠷᠬᠠᠵᠤ ᠪᠠᠶᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠶᠢᠳᠠᠯ ᠢ ᠣᠨᠣᠪᠴᠢᠲᠠᠢ ᠡᠵᠡᠮᠳᠡᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠭᠠᠷ ᠬᠤᠯᠪᠣᠨ ᠪᠠᠬᠢᠵᠢᠭᠦᠯᠵᠦ᠂ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠬᠡᠰᠡᠭ ᠤᠨ ᠬᠠᠮᠵᠢᠯᠴᠠᠭ᠎ᠠ ᠦᠷᠭᠦᠯᠵᠢᠯᠡᠨ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠬᠤᠶᠠᠷ ᠭᠠᠵᠠᠷ ᠤᠨ ᠬᠢᠨ ᠠᠳᠠᠯᠢ ᠲᠠᠯ᠎ᠠ ᠳᠤ ᠰᠠᠭᠤᠷᠢᠯᠠᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠭᠠᠷ ᠬᠤᠯᠪᠣᠨ ᠪᠦᠬᠦ ᠲᠠᠯ᠎ᠠ ᠶᠢᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠶ᠎ᠡ᠃ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠣᠷᠣᠨ ᠪᠦᠰᠡ ᠶᠢᠨ ᠠᠵᠤ ᠦᠢᠯᠡᠰ ᠤᠨ ᠬᠠᠮᠵᠢᠯᠴᠠᠭ᠎ᠠ᠂ ᠠᠮᠢ ᠠᠬᠤᠢ ᠶᠢᠨ ᠵᠠᠰᠠᠯᠲᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠬᠤᠶᠠᠷ ᠭᠠᠵᠠᠷ ᠤᠨ ᠴᠢᠷᠮᠠᠶᠢᠯᠭ᠎ᠠ ᠪᠠᠷ᠂ ᠮᠧᠨ ᠲᠧᠦ ᠭᠧᠦ ᠲᠣᠭᠤᠷᠢᠭ ᠪᠣᠯᠣᠨ ᠦᠴᠦᠸᠠᠨ ᠰᠢᠶᠠᠨ ᠤ ᠬᠤᠣᠰᠯᠠᠵᠤ ᠬᠠᠪᠰᠤᠷᠤᠨ ᠲᠡᠳᠬᠦᠬᠦ ᠠᠵᠢᠯ ᠯᠠᠪᠲᠠᠢ ᠦᠷ᠎ᠡ ᠪᠦᠲᠦᠭᠡᠯ ᠣᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢ ᠭᠠᠷ ᠬᠤᠯᠪᠣᠨ ᠡᠬᠢᠯᠡᠭᠦᠯᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠬᠠᠳᠠ ᠢᠯᠡᠷᠬᠡᠶᠢᠯᠡᠬᠦ ᠳᠡᠭᠡᠨ᠂ ᠮᠧᠨ ᠲᠧᠦ ᠭᠧᠦ ᠲᠣᠭᠤᠷᠢᠭ ᠪᠣᠯᠣᠨ ᠦᠴᠦᠸᠠᠨ ᠰᠢᠶᠠᠨ ᠤ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠠᠴᠠ ᠨᠠᠰᠢ᠂ ᠬᠤᠶᠠᠷ ᠲᠠᠯ᠎ᠠ ᠶᠢᠨ ᠠᠶᠢᠯᠴᠢᠯᠠᠯᠲᠠ ᠣᠯᠠᠰᠢᠷᠠᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠠᠮᠵᠢᠯᠴᠠᠭᠰᠠᠨ ᠠᠴᠠ ᠢᠯᠡᠳᠲᠡ ᠦᠷ᠎ᠡ ᠪᠦᠲᠦᠮᠵᠢ ᠣᠯᠵᠠᠢ᠃ ᠮᠧᠨ ᠲᠧᠦ ᠭᠧᠦ ᠲᠣᠭᠤᠷᠢᠭ ᠤᠨ ᠤᠷᠳᠤ ᠬᠤᠭᠤᠴᠠᠭᠠᠨ ᠤ ᠲᠤᠷᠰᠢ ᠦᠴᠦᠸᠠᠨ ᠰᠢᠶᠠᠨ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠦᠴᠦᠸᠠᠨ ᠰᠢᠶᠠᠨ ᠤ ᠬᠢᠨ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠵᠠᠰᠠᠯᠲᠠ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠡᠯ᠎ᠡ ᠲᠠᠯ᠎ᠠ ᠠᠴᠠ ᠮᠧᠨ ᠲᠧᠦ ᠭᠧᠦ ᠲᠣᠭᠤᠷᠢᠭ ᠤᠨ ᠲᠤᠷᠰᠢᠯᠭ᠎ᠠ ᠬᠢᠳᠡᠯ ᠢᠶᠠᠷ ᠲᠣᠯᠢ ᠪᠣᠯᠭᠠᠨ᠎ᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠣᠯᠢᠯᠴᠠᠭ᠎ᠠ ᠣᠯᠣᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠶᠢᠯᠴᠢᠯᠠᠬᠤ ᠤᠳᠠᠭ᠎ᠠ ᠪᠠᠨ ᠨᠡᠮᠡᠭᠳᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠤᠶᠠᠷ ᠭᠠᠵᠠᠷ ᠤᠨ ᠵᠠᠰᠠᠭ ᠤᠨ ᠣᠷᠳᠣᠨ᠂ ᠠᠵᠤ ᠠᠬᠤᠶᠢᠯᠠᠯ᠂ ᠠᠷᠠᠳ ᠤᠯᠠᠨ ᠤ ᠬᠤᠭᠤᠷᠣᠨᠳᠣᠬᠢ ᠶᠠᠪᠤᠯᠴᠠᠭ᠎ᠠ ᠶᠢ ᠨᠢᠭᠲᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠨᠡᠩ ᠪᠠᠶᠠᠯᠢᠭ᠂ ᠠᠭᠤᠯᠭ᠎ᠠ ᠶᠢᠨ ᠨᠡᠩ ᠯᠠᠪᠳᠠᠭᠤᠨ ᠪᠠᠲᠤᠲᠠᠢ ᠪᠠᠶᠢᠬᠤ ᠶᠢ ᠠᠬᠢᠭᠤᠯᠵᠤ᠂ ᠨᠡᠩ ᠰᠠᠶᠢᠨ ᠨᠡᠶᠢᠭᠡᠮ ᠤᠨ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠶᠠᠷᠢᠯᠴᠠᠬᠤ ᠬᠤᠷᠠᠯ ᠤᠨ ᠳᠠᠷᠠᠭ᠎ᠠ᠂ ᠯᠢᠦᠢ ᠴᠧᠨ ᠹᠧᠢ ᠨᠠᠷ ᠬᠠᠳᠠᠲᠤ ᠬᠠᠭᠠᠯᠭ᠎ᠠ ᠶᠢᠨ ᠤᠯᠤᠰ ᠤᠨ ᠣᠶ ᠰᠢᠭᠤᠢ ᠶᠢᠨ ᠴᠡᠴᠡᠷᠯᠢᠭ᠂ ᠦ᠋ ᠳ᠋ᠣᠣ ᠭᠧᠦ ᠲᠣᠰᠬᠤᠨ᠂ ᠥᠪᠥᠷ ᠮᠣᠩᠭᠤᠯ ᠤᠨ ᠶᠠᠨ ᠬᠥ᠋ ᠹᠠᠩ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂  ᠳ᠋ᠠ ᠳ᠋ᠧᠦ ᠫᠦ᠋ ᠲᠣᠰᠬᠤᠨ ᠤ ᠰᠢᠦᠢ ᠹᠧᠩ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ᠂ ᠳᠡᠷᠡᠰᠦᠲᠦ ᠶᠢᠨ ᠠᠶᠢᠯ ᠲᠣᠰᠬᠤᠨ ᠤ ᠰᠣᠳᠣᠨ ᠠᠷᠠᠳ ᠤᠨ ᠰᠠᠭᠤᠴᠠ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠡᠭᠦᠨ ᠤ ᠬᠠᠮᠲᠤ ᠳᠡᠷᠡᠰᠦᠲᠦ ᠶᠢᠨ ᠠᠶᠢᠯ ᠲᠣᠰᠬᠤᠨ ᠤ ᠬᠢᠨᠠᠨ ᠠᠵᠢᠭᠯᠠᠯᠲᠠ ᠳᠤ ᠪᠠᠶᠢᠭ᠎ᠠ ᠡᠷᠦᠬᠡ ᠶᠢ ᠰᠤᠷᠪᠤᠯᠵᠢᠯᠠᠨ ᠲᠣᠬᠤᠨᠢᠭᠤᠯᠵᠤ᠂ ᠰᠢᠨᠵᠢᠯᠡᠨ ᠪᠠᠶᠢᠴᠠᠭᠠᠬᠤ ᠶᠠᠪᠤᠴᠠ ᠳᠠᠭᠠᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠵᠤ᠂ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠳᠤ ᠵᠢᠯᠤᠭᠤᠳᠬᠤ ᠰᠠᠨᠠᠯ ᠳᠤᠷᠠᠳᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号