ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2023/6/30
      ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠪᠤᠴᠠ ᠳᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠰᠠᠭᠤᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ  ᠂ 6 ᠰᠠᠷ᠎ᠠ ᠶᠢᠨ 22  ᠤᠨ ᠡᠳᠦᠷ ᠠᠴᠠ ᠨᠠᠰᠢ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠰᠢᠶᠠᠨ ᠤ ᠰᠢᠲᠠᠮᠠᠬᠠᠢ ᠬᠡᠢ ᠬᠡᠷᠡᠭᠯᠡᠵᠦ ᠪᠠᠶᠢᠭ᠎ᠠ ᠢᠳᠡᠭᠡᠨ ᠤᠮᠳᠠᠭᠠᠨ ᠤ ᠳᠡᠯᠭᠡᠭᠦᠷ ᠲᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠦᠭᠰᠡᠨ ᠪᠥᠭᠡᠳ ᠢᠳᠡᠭᠡᠨ ᠤᠮᠳᠠᠭᠠᠨ ᠤ ᠳᠡᠯᠭᠡᠭᠦᠷ ᠤᠨ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠬᠤ ᠠᠬᠢᠴᠠ ᠶᠢᠨ ᠪᠠᠶᠢᠳᠠᠯ ᠢ ᠬᠢᠨᠠᠨ ᠵᠢᠯᠤᠭᠤᠳᠴᠤ᠂ ᠰᠢᠲᠠᠮᠠᠬᠠᠢ ᠬᠡᠢ ᠰᠠᠪᠠᠯᠠᠬᠤ ᠠᠵᠤ ᠠᠬᠤᠶᠢᠯᠠᠯ᠂ ᠰᠢᠲᠠᠮᠠᠬᠠᠢ ᠬᠡᠢ ᠶᠢᠨ ᠵᠤᠤᠬ᠎ᠠ ᠶᠢᠨ ᠪᠣᠷᠤᠯᠠᠭᠤᠯᠭ᠎ᠠ ᠶᠢᠨ ᠨᠢᠭᠡᠴᠡ ᠳᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠬᠢᠵᠡᠢ᠃ ᠡᠭᠦᠨ ᠤ ᠬᠠᠮᠲᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠲᠤᠷᠠᠭᠰᠠᠨ ᠰᠢᠪᠠᠳᠠᠨ ᠪᠠᠶᠢᠴᠠᠭᠠᠯᠲᠠ ᠶᠢ ᠥᠷᠨᠢᠭᠦᠯᠵᠦ᠂ ᠡᠭᠦᠳᠦᠨ ᠪᠠᠶᠢᠭᠤᠯᠤᠭᠰᠠᠨ ︽ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠶᠢᠨ ᠠᠮᠤᠷ ᠲᠦᠪᠰᠢᠨ ᠤ ᠨᠢᠭᠡ ᠵᠡᠭᠡᠯᠢ ︵ᠦᠴᠦᠸᠠᠨ ᠰᠢᠶᠠᠨ ᠤ ᠶᠤᠸᠠᠮᠢᠶᠠᠨ ᠠᠮᠲᠠᠲᠤ ᠢᠳᠡᠭᠡᠨ ᠤ ᠵᠡᠭᠡᠯᠢ︶︾ ᠶᠢᠨ ᠵᠢᠱᠢᠶ᠎ᠡ ᠦᠵᠡᠭᠦᠯᠬᠦ ᠦᠢᠯᠡᠳᠦᠯ ᠲᠠᠰᠤᠷᠠᠯᠲᠠ ᠦᠭᠡᠢ ᠲᠣᠪᠣᠶᠢᠮ᠎ᠠ ᠪᠣᠯᠪᠠ᠃
     ᠲᠣᠰ ᠤᠳᠠᠭᠠᠨ ᠤ ᠲᠤᠰᠬᠠᠢ ᠠᠵᠢᠯᠯᠠᠭ᠎ᠠ ᠳᠤ᠂ ᠰᠢᠲᠠᠮᠠᠬᠠᠢ ᠬᠡᠢ ᠶᠢᠨ ᠯᠣᠩᠬᠤ ᠶᠢ ᠬᠡᠷᠡᠭᠯᠡᠵᠦ ᠬᠠᠳᠠᠭᠠᠯᠠᠵᠤ ᠪᠠᠶᠢᠭ᠎ᠠ ᠲᠠᠯᠠᠪᠤᠷ ᠤᠨ ᠲᠣᠭᠲᠠᠭᠠᠯ ᠳᠤ ᠨᠡᠶᠢᠴᠡᠬᠦ ᠡᠰᠡᠬᠦ᠂ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠤᠭᠰᠠᠷᠠᠭᠰᠠᠨ ᠪᠠ ᠥᠭᠡᠷᠡᠴᠢᠯᠡᠨ ᠤᠭᠰᠠᠷᠠᠭᠰᠠᠨ ᠡᠰᠡᠬᠦ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠭᠰᠠᠨ ᠪᠥᠭᠡᠳ ᠢᠳᠡᠭᠡᠨ ᠤᠮᠳᠠᠭᠠᠨ ᠤ ᠳᠡᠯᠭᠡᠭᠦᠷ ᠤᠨ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠵᠤ ᠬᠡᠷᠡᠭᠯᠡᠭᠰᠡᠨ ᠪᠠᠶᠢᠳᠠᠯ ᠢ ᠬᠢᠨᠠᠨ ᠵᠢᠯᠣᠭᠤᠳᠪᠠ᠃ ᠡᠭᠦᠨ ᠤ ᠬᠠᠮᠲᠤ᠂ ᠠᠵᠢᠯᠲᠠᠳ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ  ᠶᠡᠷᠦ ᠶᠢᠨ ᠮᠡᠳᠡᠯᠭᠡ ᠶᠢᠨ ᠲᠣᠭᠤᠷᠢᠨ ᠳᠤ ᠤᠬᠠᠭᠤᠯᠭ᠎ᠠ ᠬᠢᠵᠦ᠂ ᠰᠢᠲᠠᠮᠠᠬᠠᠢ ᠬᠡᠢ ᠶᠢ ᠵᠢᠷᠤᠮᠵᠢᠭᠤᠨ ᠪᠤᠰᠤ ᠪᠠᠷ ᠬᠡᠷᠡᠭᠯᠡᠬᠦ ᠶᠢᠨ ᠬᠤᠣᠷ ᠬᠥᠨᠥᠭᠡᠯ ᠪᠠ ᠡᠭᠦᠰᠴᠦ ᠮᠡᠳᠡᠬᠦ ᠠᠮᠤᠷ ᠲᠦᠪᠰᠢᠨ ᠤ ᠳᠠᠯᠳᠠ ᠬᠡᠮ ᠵᠡᠷᠭᠡ ᠶᠢ ᠮᠡᠳᠡᠭᠳᠡᠵᠦ᠂ ᠢᠳᠡᠭᠡᠨ ᠤᠮᠳᠠᠭᠠᠨ ᠤ ᠳᠡᠯᠭᠡᠭᠦᠷ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠲᠤ ᠪᠠᠬᠢ ᠪᠠᠶᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号