ᠦᠴᠦᠸᠠᠨ ᠰᠢᠶᠠᠨ ᠤ ᠵᠡᠮᠳᠡᠭᠴᠦᠳ ᠤᠨ ᠬᠤᠯᠪᠣᠭ᠎ᠠ ᠬᠤᠲᠠ ᠶᠢᠨ ᠶᠠᠪᠤᠳᠠᠯ ᠤᠨ ᠬᠠᠷᠰᠢ ᠰᠠᠭᠠᠳ ᠦᠭᠡᠢ ᠥᠭᠡᠷᠡᠴᠢᠯᠡᠯᠲᠡ ᠶᠢᠨ ᠠᠵᠢᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/5
     6 ᠰᠠᠷ᠎ᠠ ᠶᠢᠨ 2 ᠤᠨ ᠡᠳᠦᠷ᠂ ᠦᠴᠦᠸᠠᠨ ᠰᠢᠶᠠᠨ ᠤ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠢ ᠤᠷᠢᠵᠤ ᠬᠤᠲᠠ ᠶᠢᠨ ᠶᠠᠪᠤᠳᠠᠯ ᠤᠨ ᠬᠠᠷᠰᠢ ᠰᠠᠭᠠᠳ ᠦᠭᠡᠢ ᠶᠢ ᠥᠭᠡᠷᠡᠴᠢᠯᠡᠬᠦ ᠠᠵᠢᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠪᠡ᠃
   
     ᠲᠠᠨᠢᠯᠴᠠᠭᠤᠯᠤᠭᠰᠠᠨ ᠢᠶᠠᠷ᠂ ᠰᠢᠶᠠᠨ ᠤ ᠵᠡᠮᠳᠡᠭᠴᠦᠳ ᠤᠨ ᠬᠤᠯᠪᠣᠭ᠎ᠠ ᠴᠢᠩ ᠱᠠᠨ ᠶᠤᠸᠠᠨ ᠲᠠᠯᠠᠪᠠᠶ᠂ ᠬᠥᠬᠡ ᠡᠷᠭᠢ ᠪᠠᠯᠭᠠᠰᠤᠨ ᠤ ᠰᠣᠶᠣᠯ ᠤᠨ ᠶᠡᠷᠦᠩᠬᠡᠶᠢᠯᠡᠭᠰᠡᠨ ᠪᠡᠶ᠎ᠡ ᠴᠢᠭᠢᠷᠠᠭᠵᠢᠭᠤᠯᠬᠤ ᠣᠷᠳᠣᠨ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠴᠢᠩ ᠱᠠᠨ ᠤᠷᠠᠨ ᠲᠣᠠᠠᠯᠠᠯᠲᠠ ᠶᠢᠨ ᠲᠠᠯᠠᠪᠠᠶ᠂ ᠬᠥᠬᠡ ᠡᠷᠭᠢ ᠪᠠᠯᠭᠠᠰᠤᠨ ᠤ ᠰᠢᠩ ᠱᠧᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠂ ᠬᠠᠷᠠᠭᠤᠯ ᠪᠠᠯᠭᠠᠰᠤᠨ ᠤ  ᠳᠡᠷᠡᠰᠥᠲᠣ ᠶᠢᠨ ᠠᠶᠢᠯ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠳᠡᠷᠡᠰᠥᠲᠣ  ᠶᠢᠨ ᠠᠶᠢᠯ ᠶᠢᠨ ᠡᠷᠡᠭᠦᠯ ᠬᠠᠮᠠᠭᠠᠯᠠᠯ ᠤᠨ ᠲᠠᠰᠤᠭ᠂ ᠵᠡᠮᠳᠡᠭᠴᠦᠳ ᠤᠨ ᠦᠢᠯᠡᠴᠢᠯᠡᠭᠡᠨ ᠤ ᠶᠡᠭᠡ ᠲᠢᠩᠬᠢᠮ ᠪᠣᠯᠣᠨ ᠦᠴᠦᠸᠠᠨ ᠰᠢᠶᠠᠨ ᠤ ᠨᠣᠮ ᠤᠨ ᠰᠠᠩ ᠤᠨ ᠴᠢᠩ ᠱᠠᠨ ᠬᠤᠪᠢᠶᠠᠷᠢ ᠣᠷᠳᠣᠨ ᠵᠡᠷᠭᠡ ᠭᠤᠣᠯᠳᠠᠯᠠᠭ᠎ᠠ ᠲᠠᠢ ᠤᠯᠠᠨ ᠨᠡᠶᠢᠲᠡ ᠶᠢᠨ ᠲᠠᠯᠠᠪᠤᠷ ᠲᠤ ᠰᠠᠭᠠᠳ ᠦᠭᠡᠢ ᠨᠡᠪᠲᠡᠷᠡᠬᠦ ᠵᠠᠮ ᠢ ᠥᠭᠡᠷᠡᠴᠢᠯᠡᠨ ᠵᠠᠰᠠᠬᠤ ᠠᠵᠢᠯ ᠢ ᠶᠠᠪᠤᠭᠳᠠᠭᠤᠯᠵᠠᠢ᠃
           ᠠᠵᠢᠯᠯᠠᠭᠠᠨ ᠳᠤᠮᠳᠠ᠂ ᠤᠯᠠᠨ ᠢᠶᠠᠷ ᠢᠶᠠᠨ ᠤᠷᠢᠳ ᠬᠤᠵᠢᠳ ᠴᠢᠩ ᠱᠠᠨ ᠶᠤᠸᠠᠨ ᠲᠠᠯᠠᠪᠠᠢ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠴᠢᠩ ᠱᠠᠨ ᠤᠷᠠᠨ ᠲᠣᠠᠠᠯᠠᠯᠲᠠ ᠶᠢᠨ ᠲᠠᠯᠠᠪᠠᠶ ᠳᠤ ᠬᠦᠷᠴᠦ ᠵᠡᠮᠳᠡᠭᠴᠦᠳ ᠤᠨ ᠰᠠᠭᠠᠳ ᠦᠭᠡᠢ ᠨᠡᠪᠲᠡᠷᠡᠬᠦ ᠵᠠᠮ ᠢ ᠪᠡᠶᠡᠴᠢᠯᠡᠨ ᠣᠶᠢᠯᠠᠭᠠᠪᠠ᠃      ᠲᠤᠰ ᠤᠳᠠᠭ᠎ᠠ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠨᠢ ᠵᠡᠮᠳᠡᠭᠴᠦᠳ ᠲᠤ ᠮᠠᠨ ᠤ ᠰᠢᠶᠠᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠵᠢᠴᠢ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠠᠴᠠ ᠪᠣᠯᠤᠭᠰᠠᠨ ᠳᠦᠭᠦᠮ ᠨᠥᠬᠦᠴᠡᠯ ᠢ ᠮᠡᠳᠡᠷᠡᠭᠦᠯᠵᠦ᠂ ᠨᠡᠩ ᠤᠯᠠᠨ ᠵᠡᠮᠳᠡᠭᠴᠦᠳ ᠤᠨ ᠭᠡᠷ ᠠᠴᠠ ᠪᠠᠨ ᠭᠠᠷᠴᠤ ᠨᠡᠶᠢᠭᠡᠮ ᠳᠤ ᠠᠭᠤᠰᠤᠯᠴᠠᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂  ᠠᠷᠠᠳ ᠣᠯᠠᠨ ᠤ ᠬᠠᠷᠰᠢ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠨᠡᠶᠢᠭᠡᠮ ᠤᠨ ᠬᠦᠴᠦᠨ ᠢ ᠨᠢᠭᠲᠠᠷᠠᠭᠤᠯᠤᠨ ︽ᠬᠠᠶᠢᠷ᠎ᠠ ᠬᠠᠯᠠᠮᠵᠢ ᠪᠠᠶᠢᠬᠤ ᠳᠤ ᠬᠠᠷᠰᠢ ᠰᠠᠭᠠᠳ ᠦᠭᠡᠢ᠂ ᠬᠠᠯᠠᠭᠤᠨ ᠳᠤᠯᠠᠭᠠᠨ ᠢ ᠬᠠᠮᠲᠤ ᠪᠠᠷ ᠡᠳ᠋ᠯᠡᠬᠦ︾ ᠰᠠᠶᠢᠨ ᠰᠠᠶᠢᠬᠠᠨ ᠣᠷᠴᠢᠨ ᠨᠥᠬᠦᠴᠡᠯ ᠢ  ᠪᠣᠶ ᠪᠣᠯᠭᠠᠬᠤ ᠶᠢ ᠨᠠᠩ ᠬᠦᠰᠡᠵᠦ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号