6 ᠰᠠᠷ᠎ᠠ ᠶᠢᠨ 1 ᠤ ᠡᠳᠦᠷ᠂ ᠦᠴᠦᠸᠠᠨ ᠰᠢᠶᠠᠨ 2023 ᠣᠨ ᠤ ᠦᠨᠳᠦᠷ ᠳᠤᠮᠳᠠᠳᠤ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠲᠣᠯᠲᠠᠢ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ | ᠬᠤᠷᠠᠯᠳᠤᠭᠤᠯᠪᠠ᠃ ᠬᠤᠷᠠᠯ ᠠᠴᠠ ᠦᠨᠳᠦᠷ ᠳᠤᠮᠳᠠᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠲᠣᠯᠲᠠᠢ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ | ᠤᠯᠠᠮᠵᠢᠯᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠨᠠᠷᠢᠯᠢᠭ ᠨᠣᠴᠣᠲᠠᠢ ᠪᠠᠷ ᠠᠷᠭ᠎ᠠ ᠰᠦᠪᠡᠭᠴᠢᠯᠡᠵᠦ᠂ ᠡᠯ᠎ᠡ ᠵᠦᠢᠯ ᠤᠨ | ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠂ ᠰᠢᠯᠭᠠᠯᠲᠠ ᠶᠢᠨ ᠠᠮᠤᠷ | ᠲᠦᠪᠰᠢᠨ ᠤ ᠠᠵᠢᠯ ᠤᠨ ᠡᠮᠦᠨᠡᠬᠢ ᠬᠤᠭᠤᠴᠠᠭᠠᠨ ᠤ ᠤᠬᠠᠭᠤᠯᠭ᠎ᠠ ᠶᠢ ᠴᠢᠩᠭᠠᠳᠬᠠᠵᠤ᠂ ᠰᠢᠯᠭᠠᠯᠲᠠ ᠳᠤ ᠬᠡᠷᠡᠭᠯᠡᠬᠦ | ᠪᠡᠯᠡᠳᠬᠡᠮᠵᠢ ᠲᠥᠬᠦᠭᠡᠷᠦᠮᠵᠢ ᠶᠢᠨ ᠪᠠᠶᠢᠴᠠᠭᠠᠯᠲᠠ ᠪᠠ ᠬᠠᠮᠠᠭᠠᠯᠠᠯᠲᠠ ᠶᠢ ᠰᠠᠶᠢᠲᠤᠷ ᠬᠢᠵᠦ᠂ ᠰᠢᠯᠭᠠᠯᠲᠠ ᠶᠢᠨ | ᠲᠠᠯᠠᠪᠤᠷ ᠤᠨ ᠡᠷᠬᠢᠨ ᠲᠣᠭᠤᠷᠢᠨ ᠤ ᠡᠯ᠎ᠡ ᠲᠠᠯ᠎ᠠ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠲᠦᠭᠰᠢᠭᠦᠷᠢ ᠶᠢᠨ ᠴᠡᠭ ᠢ | ᠵᠢᠭᠰᠠᠭᠠᠨ ᠪᠠᠶᠢᠴᠠᠭᠠᠬᠤ ᠬᠡᠷᠡᠭᠲᠡᠢ᠂ ᠰᠢᠯᠭᠠᠯᠲᠠ ᠶᠢᠨ ᠬᠠᠭᠤᠳᠠᠰᠤ ᠶᠢᠨ ᠲᠡᠭᠡᠭᠡᠪᠦᠷᠢ ᠶᠢᠨ ᠠᠮᠤᠷ | ᠲᠦᠪᠰᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ 2023 ᠣᠨ ᠤ ᠦᠨᠳᠦᠷ ᠳᠤᠮᠳᠠᠳᠤ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠲᠣᠯᠲᠠᠢ ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ | ᠲᠣᠭᠲᠠᠭᠤᠨ᠂ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠲᠠᠯ᠎ᠠ ᠪᠠᠷ ᠪᠠᠲᠣᠯᠠᠬᠤ ᠶᠢ ᠴᠢᠬᠤᠯᠠᠴᠢᠯᠠᠪᠠ᠃ | ᠬᠤᠷᠠᠯ ᠠᠴᠠ᠂ ᠦᠨᠳᠦᠷ ᠳᠤᠮᠳᠠᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠲᠣᠯᠲᠠᠢ | ᠰᠢᠯᠭᠠᠯᠲᠠ ᠪᠣᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ | ᠢᠨᠵᠧᠨᠧᠷᠢᠩ᠂ ᠰᠢᠯᠭᠠᠭᠤᠯᠤᠭᠴᠢ ᠪᠣᠯᠣᠨ ᠭᠡᠷ ᠤᠨ ᠠᠬᠠᠮᠠᠳ ᠤᠨ ᠤᠴᠢᠷ ᠶᠠᠪᠤᠳᠠᠯ ᠢ ᠬᠦᠴᠦᠯᠡᠨ ᠰᠢᠢᠳᠪᠦᠷᠢᠯᠡᠵᠦ᠂ | ᠲᠥᠪ ᠭᠤᠥᠯᠴᠢ ᠰᠢᠳᠤᠷᠭᠤ ᠶᠣᠰᠣ ᠶᠢ ᠪᠠᠷᠢᠮᠲᠠᠯᠠᠨ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠶᠢ | ᠵᠢᠷᠤᠮᠵᠢᠭᠤᠯᠵᠤ᠂ ᠰᠢᠯᠭᠠᠭᠤᠯᠤᠭᠴᠢ ᠶᠢ ᠦᠨᠡᠨᠴᠢ ᠢᠲᠡᠭᠡᠮᠵᠢᠲᠡᠢ ᠪᠠᠷ ᠰᠢᠯᠭᠠᠯᠲᠠ ᠳᠤ ᠣᠷᠣᠯᠴᠠᠬᠤ ᠶᠢ ᠬᠥᠲᠥᠯᠥᠨ | ᠵᠢᠯᠤᠭᠤᠳᠬᠤ ᠶᠢᠨ ᠬᠠᠮᠲᠤ ᠬᠥᠮᠦᠯᠢᠭ ᠬᠠᠯᠠᠮᠵᠢᠯᠠᠯ ᠢ ᠨᠡᠮᠡᠭᠳᠡᠭᠦᠯᠵᠦ᠂ ᠰᠢᠯᠭᠠᠭᠤᠯᠤᠭᠴᠢ ᠶᠢᠨ ᠰᠢᠯᠭᠠᠯᠲᠠ ᠠᠴᠠ | ᠡᠮᠦᠨᠡᠬᠢ ᠰᠡᠳᠬᠢᠴᠡ ᠶᠢ ᠲᠠᠶᠢᠳᠬᠤᠷᠠᠭᠤᠯᠤᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠦᠢᠯᠡᠴᠢᠯᠡᠬᠦ ᠶᠠᠰᠤ ᠴᠢᠨᠠᠷ | ᠢᠶᠠᠨ ᠳᠡᠭᠡᠭᠰᠢᠯᠡᠭᠦᠯᠵᠦ᠂ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ | ᠠᠬᠢᠭᠤᠯᠤᠨ ᠲᠦᠷᠭᠡᠨ ᠵᠠᠮ ᠳᠤ ᠣᠷᠣᠭᠤᠯᠵᠤ᠂ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |