ᠦᠴᠦᠸᠠᠨ ᠰᠢᠶᠠᠨ 2023 ᠣᠨ ᠤ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ  ᠲᠦᠪᠯᠡᠷᠡᠭᠦᠯᠤᠨ  ᠣᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/5
     5 ᠰᠠᠷ᠎ᠠ ᠶᠢᠨ 30  ᠤ ᠡᠳᠦᠷ᠂ ᠦᠴᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠤᠭᠤᠯᠠᠢ ᠠᠭᠤᠯᠠ ᠰᠢᠶᠠᠩ ᠤᠨ ᠳ᠋ᠠ ᠳ᠋ᠸᠦ ᠫᠦ᠋ ᠲᠣᠰᠬᠤᠨ ᠳᠤ 2023 ᠣᠨ ᠤ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾  ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ᠃
     
     ᠠᠵᠢᠯᠯᠠᠭ᠎ᠠ ᠳᠣᠮᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠬᠠᠤᠯᠢᠵᠢᠯ ᠵᠡᠷᠭᠡ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ ᠰᠤᠷᠤᠯᠴᠠᠨ ᠲᠣᠣᠱᠯᠠᠭᠤᠯᠵᠣ᠂ ᠥᠷᠭᠡᠨ ᠣᠯᠠᠨ ᠳᠤ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠪᠠ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠡᠷᠭᠡ ᠠᠭᠤᠯᠭ᠎ᠠ  ᠶᠢ ᠲᠠᠶᠢᠯᠪᠤᠷᠢᠯᠠᠨ ᠦᠭᠪᠡ᠃ ᠡᠭᠦᠨ ᠤ ᠬᠠᠮᠲᠤ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠲᠦᠮᠡᠨ ᠤ ᠭᠤᠣᠯ ᠰᠡᠳᠦᠪᠲᠦ ᠬᠥᠮᠦᠵᠢᠯ ᠤᠨ ᠲᠤᠬᠠᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠣᠷᠣᠯᠴᠠᠨ ᠤᠬᠠᠭᠤᠯᠤᠨ ᠲᠤᠤᠱᠯᠠᠭᠤᠯᠬᠤ ᠢᠳᠡᠪᠬᠢᠵᠢᠯ ᠢ ᠲᠠᠶᠢᠴᠢᠯᠠᠵᠦ᠂ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾  ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠠᠢ᠃      
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠬᠤ ᠰᠢᠨ᠎ᠡ ᠥᠷᠨᠢᠯᠲᠡ ᠶᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠣ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃               ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号