6 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ | ᠭᠤᠣᠯᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠡᠦᠬᠡᠳ ᠤᠨ ᠤᠷᠠᠯᠢᠭ ᠤᠨ ᠨᠠᠶᠢᠷ | ᠦᠴᠦᠸᠠᠨ ᠰᠢᠶᠠᠨ ᠤ ᠬᠡᠦ ᠬᠠ ᠲᠠᠷᠢᠶᠠᠯᠠᠩ ᠤᠨ ᠲᠠᠯᠠᠪᠠᠶ ᠳᠤ ᠡᠬᠢᠯᠡᠪᠡ᠃ | | | ᠡᠨᠡ ᠬᠤᠭᠤᠴᠠᠭᠠᠨ ᠳᠤ ᠭᠡᠷ ᠤᠨ ᠠᠬᠠᠮᠠᠳ ᠪᠣᠯᠣᠨ ᠬᠡᠦᠬᠡᠳ ᠤᠳ ᠲᠤ ᠨᠡᠶᠢᠲᠡ ᠵᠢᠷᠭᠤᠭᠠᠨ ᠭᠤᠣᠯ | ᠰᠡᠳᠦᠪᠲᠦ ᠬᠥᠳᠡᠯᠭᠡᠭᠡᠨ ᠢ ᠪᠡᠶᠡᠴᠢᠯᠡᠨ ᠣᠶᠢᠯᠠᠭᠠᠵᠤ ᠰᠣᠨᠢᠷᠬᠠᠭᠤᠯᠪᠠ᠂ ᠲᠣᠰ ᠲᠣᠰ ︽ᠡᠬᠡ ᠤᠯᠤᠰ ᠤᠨ ᠬᠠᠪᠤᠷ | ︾ ᠨᠠᠰᠺᠠ ᠶᠢᠨ ᠠᠪᠤᠷᠭᠤ ᠵᠢᠷᠤᠭ ᠂ ︽ᠬᠠᠪᠤᠷ ᠬᠠᠮᠢᠭ᠎ᠠ ᠪᠠᠶᠢᠬᠤ ᠪᠣᠶ︾ ᠨᠠᠶᠢᠷᠠᠯ ᠳᠠᠭᠤᠤ ᠂ ︽ᠵᠠᠯᠠᠭᠤ | ᠨᠠᠰᠣ ᠪᠠᠨ ᠪᠦᠵᠢᠭᠯᠡᠬᠦ︾᠂ ︽ᠪᠢ ᠪᠣᠯ ᠪᠢᠴᠢᠬᠠᠨ ᠲᠣᠭᠯᠠᠭᠴᠢ ︾᠂ ︽ᠪᠣᠳᠠᠰ ᠤᠨ ᠪᠣᠰᠣ ᠰᠣᠶᠣᠯ ᠤᠨ ᠦᠪ | ᠳᠡᠷᠭᠡᠲᠡ ᠴᠢᠨᠢ ᠪᠠᠶᠢᠨ᠎ᠠ︾᠂ ︽ᠵᠠᠯᠠᠭᠤ ᠲᠠᠮᠢᠷᠴᠢᠨ︾ ᠪᠣᠯᠥᠨ᠎ᠠ᠃ ᠨᠢᠭᠡᠳᠦᠭᠡᠷ ᠭᠤᠣᠯ ᠰᠡᠳᠦᠪ ᠤᠨ ᠬᠡᠰᠡᠭ ᠲᠤ᠂ | 1000 ᠭᠠᠷᠤᠢ ᠵᠢᠷᠤᠭ ᠵᠢᠷᠤᠬᠤ ᠪᠠᠶᠢᠭᠤᠯᠤᠮᠵᠢ ᠶᠢᠨ ᠬᠡᠦᠬᠡᠳ ᠢ ᠪᠠᠶᠢᠭᠠᠯᠢ ᠳᠤ ᠠᠭᠤᠰᠠᠵᠣ᠂ ᠬᠡᠦ ᠬᠠ | ᠲᠠᠷᠢᠶᠠᠯᠠᠩ ᠤᠨ ᠲᠠᠯᠠᠪᠠᠢ ᠳᠤ ᠬᠦᠷᠴᠦ᠂ ︽ᠬᠠᠪᠤᠷ ᠬᠠᠮᠢᠭ᠎ᠠ ᠪᠠᠶᠢᠬᠤ ᠪᠤᠢ︾ ᠭᠡᠬᠦ ᠭᠤᠣᠯ ᠰᠡᠳᠦᠪᠲᠦ ᠰᠠᠷ᠎ᠠ ᠶᠢᠨ | ᠠᠵᠢᠯᠯᠠᠭ᠎ᠠ ᠳᠤ ᠬᠠᠮᠲᠤ ᠪᠠᠷ ᠣᠷᠣᠯᠴᠠᠵᠤ᠂ ︽ᠡᠬᠡ ᠤᠯᠤᠰ ᠤᠨ ᠬᠠᠪᠤᠷ︾ ᠭᠡᠬᠦ ᠭᠤᠣᠯ ᠰᠡᠳᠦᠪᠲᠦ ᠲᠣᠮᠣ ᠤᠷᠳᠤ | ᠵᠢᠷᠤᠭ ᠢ ᠬᠠᠮᠲᠤ ᠪᠠᠷ ᠡᠭᠦᠳᠴᠡᠢ᠃ ᠳᠥᠷᠪᠡᠳᠦᠭᠡᠷ ᠭᠤᠣᠯ ᠰᠡᠳᠦᠪ ᠤᠨ ᠬᠡᠰᠡᠭ ᠲᠤ᠂ ᠬᠡᠦᠬᠡᠳ ᠤᠨ ᠶᠠᠷᠢᠶᠠᠲᠤ | ᠵᠦᠴᠦᠭᠡ ᠶᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠲᠤᠰᠬᠠᠢ ᠮᠡᠷᠭᠡᠵᠢᠯ ᠤᠨ | ᠲᠣᠭᠯᠠᠭᠴᠢ ᠠᠴᠠ ᠪᠢᠴᠢᠬᠠᠨ ᠨᠠᠶᠢᠵᠠ ᠨᠠᠷ ᠢᠶᠠᠨ ᠳᠠᠭᠠᠭᠤᠯᠤᠨ ᠦᠵᠡᠭᠳᠡᠯ ᠤᠨ ᠬᠠᠷᠢᠯᠴᠠᠨ ᠦᠢᠯᠡᠳᠦᠯᠴᠡᠬᠦ ᠶᠠᠷᠢᠶᠠᠲᠤ | ᠵᠦᠴᠦᠭᠡ ᠶᠢ ᠪᠡᠶᠡᠴᠢᠯᠡᠨ ᠣᠶᠢᠯᠠᠭᠠᠨ᠎ᠠ᠃ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ | ᠨᠡᠶᠢᠭᠡᠮᠯᠢᠭ ᠤᠨ ᠵᠣᠬᠢᠶᠠᠨ ᠪᠠᠶᠢᠭᠤᠯᠣᠠᠠᠰᠡᠨ ᠲᠠᠪᠤᠳᠤᠭᠠᠷ ᠭᠤᠣᠯ ᠰᠡᠳᠦᠪ ᠤᠨ ᠬᠡᠰᠡᠭ ᠲᠤ᠂ ᠪᠣᠳᠠᠰ ᠤᠨ ᠪᠤᠰᠤ | ᠰᠣᠶᠣᠯ ᠤᠨ ᠥᠪ ᠤᠨ ᠭᠠᠷ ᠤᠷᠠᠯᠠᠯ ᠤᠨ ᠲᠦᠷᠦᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠨᠢ ᠥᠪᠥᠷ | ᠮᠣᠩᠭᠤᠯ ᠤᠨ ᠬᠥᠬᠡᠬᠤᠲᠠ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ | ᠪᠦᠲᠦᠭᠡᠭᠳᠡᠬᠦᠨ ᠢ ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠤᠯᠠᠨ ᠨᠡᠶᠢᠲᠡ ᠳᠤ ᠳᠡᠯᠭᠡᠨ | ᠦᠵᠡᠭᠦᠯᠬᠦ ᠶᠢᠨ ᠬᠠᠮᠲᠤ ᠨᠡᠩ ᠤᠯᠠᠨ ᠬᠡᠦᠬᠡᠳ ᠤᠳ ᠲᠤ ︽ᠤᠷᠠᠨ ᠳᠠᠷᠬᠠᠨ ᠤ ᠵᠣᠷᠢᠭ ᠰᠠᠨᠠᠭ᠎ᠠ︾ ᠶᠢᠨ ᠴᠢᠬᠤᠯᠠ | ᠴᠢᠨᠠᠷ ᠪᠣᠯᠣᠨ ᠤᠯᠠᠮᠵᠢᠯᠠᠯᠲᠤ ᠠᠷᠠᠳ ᠤᠨ ᠤᠷᠠᠯᠢᠭ ᠤᠨ ᠤᠯᠠᠮᠵᠢᠯᠠᠯ ᠤᠨ ᠴᠢᠨᠠᠷ ᠢ ᠣᠶᠢᠯᠠᠭᠠᠭᠤᠯᠤᠨ | ᠣᠶᠢᠯᠠᠭᠠᠭᠤᠯᠬᠤ ᠪᠣᠯᠣᠨ᠎ᠠ᠃ | | | ᠣᠶᠢᠯᠠᠭᠠᠭᠰᠠᠨ ᠢᠶᠠᠷ᠂ ᠬᠡᠦ ᠬᠠ ᠲᠠᠷᠢᠶᠠᠯᠠᠩ ᠤᠨ ᠲᠠᠯᠠᠪᠠᠶ ᠨᠢ ᠥᠪᠥᠷ ᠮᠣᠩᠭᠤᠯ ᠤᠨ ᠠᠩᠬᠠᠳᠠᠭᠴᠢ ᠡᠬᠡ | ᠨᠢᠯᠬᠠᠰ ᠤᠨ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠲᠠᠷᠢᠶᠠᠯᠠᠩ ᠤᠨ ᠲᠠᠯᠠᠪᠠᠶ ᠂ ᠥᠪᠥᠷ ᠮᠣᠩᠭᠤᠯ ᠤᠨ | ᠠᠩᠬᠠᠳᠠᠭᠴᠢ ᠭᠡᠷ ᠤᠨ ᠭᠠᠳᠠᠨ᠎ᠠ ᠬᠡᠭᠡᠷ᠎ᠡ ᠪᠠᠭᠤᠳᠠᠯᠯᠠᠬᠤ᠂ ᠭᠠᠷ ᠤᠷᠠᠯᠠᠯ ᠤᠨ ᠪᠡᠶᠡᠴᠢᠯᠡᠨ ᠣᠶᠢᠯᠠᠭᠠᠬᠤ᠂ | ᠪᠠᠶᠢᠭᠠᠯᠢ ᠶᠢᠨ ᠰᠤᠳᠤᠯᠭᠠᠨ ᠤ ᠤᠬᠠᠭᠠᠨ᠂ ᠰᠣᠶᠣᠯ ᠤᠨ ᠰᠤᠳᠤᠯᠭᠠᠨ ᠤ ᠤᠬᠠᠭᠠᠨ᠂ ᠺᠣᠮᠫᠠᠨᠢ ᠶᠢᠨ ᠪᠦᠯᠬᠦᠮ ᠶᠢᠨ | ᠪᠠᠶᠢᠭᠤᠯᠤᠯᠲᠠ ᠵᠡᠷᠭᠡ ᠰᠢᠨ᠎ᠡ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠢ | ᠴᠢᠷᠮᠠᠶᠢᠨ ᠪᠠᠶᠢᠭᠤᠯᠵᠤ᠂ ᠤᠯᠠᠮᠵᠢᠯᠠᠯᠲᠤ ᠵᠢᠭᠤᠯᠴᠢᠯᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠤᠯᠠᠮᠵᠢᠯᠠᠯᠲᠤ ᠰᠣᠶᠣᠯ ᠲᠠᠢ ᠠᠭᠤᠰᠤᠯᠴᠠᠭᠤᠯᠤᠨ᠂ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠦᠢᠯᠡᠰ ᠤᠨ | ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠯᠠᠯ ᠢ ᠨᠠᠩ ᠢᠯᠡᠭᠦᠦ ᠰᠣᠶᠣᠯ ᠤᠨ ᠴᠢᠨᠠᠷ᠂ ᠤᠷᠠᠯᠢᠭ ᠤᠨ ᠴᠢᠨᠠᠷ᠂ | ᠰᠣᠨᠢᠷᠬᠠᠯ ᠤᠨ ᠴᠢᠨᠠᠷ ᠲᠠᠢ ᠪᠣᠯᠭᠠᠵᠤ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠰᠡᠳᠬᠢᠯᠭᠡ ᠪᠠ | ᠣᠷᠣᠯᠴᠠᠬᠤ ᠬᠡᠮᠵᠢᠶ᠎ᠡ ᠶᠢ ᠨᠡᠮᠡᠭᠳᠡᠭᠦᠯᠦᠨ᠎ᠡ᠃ | | | | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |