ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠡᠦᠬᠡᠳ ᠤᠨ ᠤᠷᠠᠯᠢᠭ ᠤᠨ ᠨᠠᠶᠢᠷ ᠦᠴᠦᠸᠠᠨ ᠰᠢᠶᠠᠨ ᠤ ᠬᠡᠦ ᠬᠠ ᠲᠠᠷᠢᠶᠠᠯᠠᠩ ᠤᠨ ᠲᠠᠯᠠᠪᠠᠢ ᠳᠤ ᠡᠬᠢᠯᠡᠪᠡ
ᠨᠡᠶᠢᠲᠡᠯᠡᠭᠰᠡᠨ ᠴᠠᠭ᠄
2023/6/5
      6 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠡᠦᠬᠡᠳ ᠤᠨ ᠤᠷᠠᠯᠢᠭ ᠤᠨ ᠨᠠᠶᠢᠷ ᠦᠴᠦᠸᠠᠨ ᠰᠢᠶᠠᠨ ᠤ ᠬᠡᠦ ᠬᠠ ᠲᠠᠷᠢᠶᠠᠯᠠᠩ ᠤᠨ ᠲᠠᠯᠠᠪᠠᠶ ᠳᠤ ᠡᠬᠢᠯᠡᠪᠡ᠃
      ᠡᠨᠡ ᠬᠤᠭᠤᠴᠠᠭᠠᠨ ᠳᠤ ᠭᠡᠷ ᠤᠨ ᠠᠬᠠᠮᠠᠳ ᠪᠣᠯᠣᠨ ᠬᠡᠦᠬᠡᠳ ᠤᠳ ᠲᠤ ᠨᠡᠶᠢᠲᠡ ᠵᠢᠷᠭᠤᠭᠠᠨ ᠭᠤᠣᠯ ᠰᠡᠳᠦᠪᠲᠦ ᠬᠥᠳᠡᠯᠭᠡᠭᠡᠨ   ᠢ  ᠪᠡᠶᠡᠴᠢᠯᠡᠨ ᠣᠶᠢᠯᠠᠭᠠᠵᠤ ᠰᠣᠨᠢᠷᠬᠠᠭᠤᠯᠪᠠ᠂ ᠲᠣᠰ ᠲᠣᠰ ︽ᠡᠬᠡ ᠤᠯᠤᠰ ᠤᠨ ᠬᠠᠪᠤᠷ ︾ ᠨᠠᠰᠺᠠ ᠶᠢᠨ ᠠᠪᠤᠷᠭᠤ ᠵᠢᠷᠤᠭ  ᠂ ︽ᠬᠠᠪᠤᠷ ᠬᠠᠮᠢᠭ᠎ᠠ ᠪᠠᠶᠢᠬᠤ ᠪᠣᠶ︾ ᠨᠠᠶᠢᠷᠠᠯ ᠳᠠᠭᠤᠤ  ᠂  ︽ᠵᠠᠯᠠᠭᠤ ᠨᠠᠰᠣ ᠪᠠᠨ ᠪᠦᠵᠢᠭᠯᠡᠬᠦ︾᠂  ︽ᠪᠢ ᠪᠣᠯ ᠪᠢᠴᠢᠬᠠᠨ ᠲᠣᠭᠯᠠᠭᠴᠢ  ︾᠂  ︽ᠪᠣᠳᠠᠰ ᠤᠨ ᠪᠣᠰᠣ ᠰᠣᠶᠣᠯ ᠤᠨ ᠦᠪ ᠳᠡᠷᠭᠡᠲᠡ ᠴᠢᠨᠢ ᠪᠠᠶᠢᠨ᠎ᠠ︾᠂  ︽ᠵᠠᠯᠠᠭᠤ ᠲᠠᠮᠢᠷᠴᠢᠨ︾ ᠪᠣᠯᠥᠨ᠎ᠠ᠃ ᠨᠢᠭᠡᠳᠦᠭᠡᠷ ᠭᠤᠣᠯ ᠰᠡᠳᠦᠪ ᠤᠨ ᠬᠡᠰᠡᠭ ᠲᠤ᠂ 1000 ᠭᠠᠷᠤᠢ ᠵᠢᠷᠤᠭ ᠵᠢᠷᠤᠬᠤ ᠪᠠᠶᠢᠭᠤᠯᠤᠮᠵᠢ ᠶᠢᠨ ᠬᠡᠦᠬᠡᠳ ᠢ ᠪᠠᠶᠢᠭᠠᠯᠢ ᠳᠤ ᠠᠭᠤᠰᠠᠵᠣ᠂ ᠬᠡᠦ ᠬᠠ ᠲᠠᠷᠢᠶᠠᠯᠠᠩ ᠤᠨ ᠲᠠᠯᠠᠪᠠᠢ ᠳᠤ  ᠬᠦᠷᠴᠦ᠂ ︽ᠬᠠᠪᠤᠷ ᠬᠠᠮᠢᠭ᠎ᠠ ᠪᠠᠶᠢᠬᠤ ᠪᠤᠢ︾ ᠭᠡᠬᠦ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ ᠳᠤ ᠬᠠᠮᠲᠤ ᠪᠠᠷ ᠣᠷᠣᠯᠴᠠᠵᠤ᠂ ︽ᠡᠬᠡ ᠤᠯᠤᠰ ᠤᠨ ᠬᠠᠪᠤᠷ︾ ᠭᠡᠬᠦ ᠭᠤᠣᠯ ᠰᠡᠳᠦᠪᠲᠦ ᠲᠣᠮᠣ ᠤᠷᠳᠤ ᠵᠢᠷᠤᠭ ᠢ ᠬᠠᠮᠲᠤ ᠪᠠᠷ ᠡᠭᠦᠳᠴᠡᠢ᠃ ᠳᠥᠷᠪᠡᠳᠦᠭᠡᠷ ᠭᠤᠣᠯ ᠰᠡᠳᠦᠪ ᠤᠨ ᠬᠡᠰᠡᠭ ᠲᠤ᠂  ᠬᠡᠦᠬᠡᠳ ᠤᠨ ᠶᠠᠷᠢᠶᠠᠲᠤ ᠵᠦᠴᠦᠭᠡ ᠶᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠲᠤᠰᠬᠠᠢ ᠮᠡᠷᠭᠡᠵᠢᠯ ᠤᠨ ᠲᠣᠭᠯᠠᠭᠴᠢ ᠠᠴᠠ ᠪᠢᠴᠢᠬᠠᠨ ᠨᠠᠶᠢᠵᠠ ᠨᠠᠷ ᠢᠶᠠᠨ ᠳᠠᠭᠠᠭᠤᠯᠤᠨ ᠦᠵᠡᠭᠳᠡᠯ ᠤᠨ ᠬᠠᠷᠢᠯᠴᠠᠨ ᠦᠢᠯᠡᠳᠦᠯᠴᠡᠬᠦ ᠶᠠᠷᠢᠶᠠᠲᠤ ᠵᠦᠴᠦᠭᠡ ᠶᠢ ᠪᠡᠶᠡᠴᠢᠯᠡᠨ ᠣᠶᠢᠯᠠᠭᠠᠨ᠎ᠠ᠃ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮᠯᠢᠭ ᠤᠨ ᠵᠣᠬᠢᠶᠠᠨ  ᠪᠠᠶᠢᠭᠤᠯᠣᠠᠠᠰᠡᠨ ᠲᠠᠪᠤᠳᠤᠭᠠᠷ ᠭᠤᠣᠯ ᠰᠡᠳᠦᠪ ᠤᠨ ᠬᠡᠰᠡᠭ ᠲᠤ᠂  ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠲᠦᠷᠦᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠨᠢ ᠥᠪᠥᠷ ᠮᠣᠩᠭᠤᠯ ᠤᠨ ᠬᠥᠬᠡᠬᠤᠲᠠ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ ᠢ ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠤᠯᠠᠨ  ᠨᠡᠶᠢᠲᠡ ᠳᠤ ᠳᠡᠯᠭᠡᠨ ᠦᠵᠡᠭᠦᠯᠬᠦ ᠶᠢᠨ ᠬᠠᠮᠲᠤ ᠨᠡᠩ ᠤᠯᠠᠨ ᠬᠡᠦᠬᠡᠳ ᠤᠳ ᠲᠤ ︽ᠤᠷᠠᠨ ᠳᠠᠷᠬᠠᠨ ᠤ ᠵᠣᠷᠢᠭ ᠰᠠᠨᠠᠭ᠎ᠠ︾ ᠶᠢᠨ ᠴᠢᠬᠤᠯᠠ ᠴᠢᠨᠠᠷ ᠪᠣᠯᠣᠨ ᠤᠯᠠᠮᠵᠢᠯᠠᠯᠲᠤ ᠠᠷᠠᠳ ᠤᠨ ᠤᠷᠠᠯᠢᠭ ᠤᠨ ᠤᠯᠠᠮᠵᠢᠯᠠᠯ ᠤᠨ ᠴᠢᠨᠠᠷ ᠢ ᠣᠶᠢᠯᠠᠭᠠᠭᠤᠯᠤᠨ ᠣᠶᠢᠯᠠᠭᠠᠭᠤᠯᠬᠤ ᠪᠣᠯᠣᠨ᠎ᠠ᠃      
     ᠣᠶᠢᠯᠠᠭᠠᠭᠰᠠᠨ ᠢᠶᠠᠷ᠂ ᠬᠡᠦ ᠬᠠ ᠲᠠᠷᠢᠶᠠᠯᠠᠩ ᠤᠨ ᠲᠠᠯᠠᠪᠠᠶ ᠨᠢ ᠥᠪᠥᠷ ᠮᠣᠩᠭᠤᠯ ᠤᠨ ᠠᠩᠬᠠᠳᠠᠭᠴᠢ ᠡᠬᠡ ᠨᠢᠯᠬᠠᠰ ᠤᠨ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠲᠠᠷᠢᠶᠠᠯᠠᠩ ᠤᠨ ᠲᠠᠯᠠᠪᠠᠶ ᠂ ᠥᠪᠥᠷ ᠮᠣᠩᠭᠤᠯ ᠤᠨ ᠠᠩᠬᠠᠳᠠᠭᠴᠢ ᠭᠡᠷ ᠤᠨ ᠭᠠᠳᠠᠨ᠎ᠠ ᠬᠡᠭᠡᠷ᠎ᠡ ᠪᠠᠭᠤᠳᠠᠯᠯᠠᠬᠤ᠂ ᠭᠠᠷ ᠤᠷᠠᠯᠠᠯ ᠤᠨ ᠪᠡᠶᠡᠴᠢᠯᠡᠨ ᠣᠶᠢᠯᠠᠭᠠᠬᠤ᠂ ᠪᠠᠶᠢᠭᠠᠯᠢ ᠶᠢᠨ ᠰᠤᠳᠤᠯᠭᠠᠨ ᠤ ᠤᠬᠠᠭᠠᠨ᠂ ᠰᠣᠶᠣᠯ ᠤᠨ ᠰᠤᠳᠤᠯᠭᠠᠨ ᠤ ᠤᠬᠠᠭᠠᠨ᠂ ᠺᠣᠮᠫᠠᠨᠢ ᠶᠢᠨ ᠪᠦᠯᠬᠦᠮ ᠶᠢᠨ ᠪᠠᠶᠢᠭᠤᠯᠤᠯᠲᠠ ᠵᠡᠷᠭᠡ ᠰᠢᠨ᠎ᠡ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠢᠷᠮᠠᠶᠢᠨ ᠪᠠᠶᠢᠭᠤᠯᠵᠤ᠂ ᠤᠯᠠᠮᠵᠢᠯᠠᠯᠲᠤ ᠵᠢᠭᠤᠯᠴᠢᠯᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠠᠮᠵᠢᠯᠠᠯᠲᠤ ᠰᠣᠶᠣᠯ ᠲᠠᠢ ᠠᠭᠤᠰᠤᠯᠴᠠᠭᠤᠯᠤᠨ᠂ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠵᠢᠭᠤᠯᠴᠢᠯᠠᠯ ᠢ ᠨᠠᠩ ᠢᠯᠡᠭᠦᠦ ᠰᠣᠶᠣᠯ ᠤᠨ ᠴᠢᠨᠠᠷ᠂ ᠤᠷᠠᠯᠢᠭ ᠤᠨ ᠴᠢᠨᠠᠷ᠂ ᠰᠣᠨᠢᠷᠬᠠᠯ ᠤᠨ ᠴᠢᠨᠠᠷ ᠲᠠᠢ ᠪᠣᠯᠭᠠᠵᠤ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠰᠡᠳᠬᠢᠯᠭᠡ ᠪᠠ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠦᠨ᠎ᠡ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号