ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠠᠷᠪᠠᠨ ᠳᠣᠯᠣᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠵᠢᠴᠢ ᠵᠢᠷᠭᠤᠭᠠᠨ ᠰᠠᠷ᠎ᠠ ᠶᠢᠨ ᠨᠢᠭᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2023/6/5
       6 ᠰᠠᠷ᠎ᠠ ᠶᠢᠨ 1 ᠤ ᠡᠳᠦᠷ᠂ ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠤ ᠴᠠᠭ ᠦᠶ᠎ᠡ ᠶᠢᠨ ᠰᠠᠶᠢᠨ ᠭᠡᠰᠢᠭᠦᠨ ᠪᠣᠯᠬᠤ ᠪᠠᠷ ᠲᠡᠮᠡᠴᠡᠶ᠎ᠡ︾  ᠭᠡᠳᠡᠭ ᠢᠶᠠᠷ ᠭᠤᠣᠯ ᠰᠡᠳᠣᠪ ᠪᠣᠯᠭᠠᠵᠣ᠂ ᠠᠷᠪᠠᠨ ᠳᠣᠯᠣᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠵᠢᠴᠢ ᠵᠢᠷᠭᠤᠭᠠᠨ ᠰᠠᠷ᠎ᠠ ᠶᠢᠨ ᠨᠢᠭᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠪᠡ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠠᠩᠭᠢ ᠶᠢᠨ ᠵᠢᠭᠰᠠᠭᠠᠯ ᠲᠠᠯᠠᠪᠠᠢ ᠳᠤ ᠣᠷᠣᠵᠤ᠂ ᠤᠯᠤᠰ ᠤᠨ ᠲᠤᠭ ᠮᠠᠨᠳᠤᠭᠤᠯᠵᠤ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠵᠣᠴᠢᠳ ᠲᠤ ᠤᠯᠠᠭᠠᠨ ᠪᠦᠴᠡ ᠬᠦᠷᠭᠡᠵᠦ᠂ ᠵᠢᠷᠭᠤᠳᠤᠭᠠᠷ ᠣᠨ ᠤ ᠪᠠᠭᠰᠢ ᠨᠠᠷ ᠲᠤ ᠰᠣᠷᠭᠤᠭ ᠴᠡᠴᠡᠭ ᠬᠦᠷᠭᠡᠪᠡ᠃
  ᠡᠬᠢᠯᠡᠯᠲᠡ ᠶᠢᠨ ᠶᠣᠰᠣᠯᠠᠯ ᠤᠨ ᠡᠴᠦᠰ ᠲᠤ ᠳᠥᠷᠪᠡᠳᠦᠭᠡᠷ ᠪᠠᠭ᠎ᠠ ᠰᠤᠷᠭᠠᠭᠤᠯᠢ ᠵᠢᠯ ᠪᠦᠷᠢ ᠶᠢᠨ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠤᠨ ᠡᠳᠦᠷ ᠨᠠᠷᠢᠨ ᠨᠢᠮᠪᠠᠢ ᠨᠠᠶᠢᠷᠠᠭᠤᠯᠳᠠᠭ ᠬᠠᠮᠤᠭ ᠥᠪᠡᠷᠮᠢᠴᠡ ᠣᠨᠴᠠᠯᠢᠭ ᠲᠠᠢ ᠲᠣᠭᠯᠠᠯᠲᠠ  ᠭᠠᠷᠭᠠᠪᠠ᠂ ᠲᠤᠰ ᠲᠤᠰ ᠪᠦᠬᠦ ᠰᠤᠷᠭᠠᠭᠤᠯᠢ ᠶᠢᠨ ᠣᠨᠴᠠᠯᠢᠭ  ᠲᠠᠢ ᠪᠥᠵᠢᠭ᠂ ᠵᠡᠪᠰᠡᠭ ᠤᠨ ᠡᠷᠳᠡᠮ ᠤᠨ ᠲᠠᠮᠢᠷ ᠪᠣᠯᠣᠨ ᠲᠣᠮᠣ ᠬᠡᠯᠪᠡᠷᠢ ᠶᠢᠨ ᠪᠥᠵᠢᠭ ᠪᠣᠯᠣᠨ᠎ᠠ᠃ ᠲᠣᠭᠯᠠᠯᠲᠠ ᠭᠤᠶᠢᠳᠠ ᠰᠠᠶᠢᠬᠠᠨ ᠪᠠᠶᠢᠵᠤ᠂ ᠪᠦᠬᠦ ᠲᠠᠯᠠᠪᠠᠢ ᠶᠢᠨ ᠬᠥᠮᠥᠰ ᠤᠨ ᠠᠩᠬᠠᠷᠤᠯ ᠢ ᠲᠠᠲᠠᠵᠤ᠂ ᠬᠠᠮᠲᠤ ᠰᠤᠷᠤᠭᠴᠢᠳ ᠳᠠᠭᠤᠤ ᠬᠥᠭᠵᠢᠮ ᠤᠨ ᠠᠶᠢᠵᠠᠮ ᠳᠤᠮᠳᠠ ᠪᠦᠬᠦ ᠬᠦᠴᠦ ᠪᠠᠨ ᠰᠢᠪᠬᠠᠵᠤ᠂ ᠬᠤᠶᠠᠷ ᠭᠠᠷ ᠢᠶᠠᠨ ᠬᠤᠷᠤᠶᠢᠯᠠᠵᠤ᠂ ᠲᠠᠯᠠᠪᠠᠢ ᠶᠢᠨ ᠲᠣᠣᠷᠠᠬᠢ ᠭᠡᠷ ᠤᠨ ᠠᠬᠠᠮᠠᠳ ᠤᠨ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠠ ᠦᠭᠡᠢ ᠰᠣᠨᠣᠰᠳᠠᠨ᠎ᠠ᠃  
     ᠲᠣᠰ ᠤᠳᠠᠭᠠᠨ ᠤ ︽6 · 1︾ ᠤ ᠠᠵᠢᠯᠯᠠᠭ᠎ᠠ ᠨᠢ ᠪᠠᠭᠰᠢ ᠨᠠᠷ ᠪᠣᠯᠣᠨ ᠰᠤᠷᠤᠭᠴᠢᠳ ᠤᠨ ᠢᠷᠠᠭᠤ ᠠᠯᠳᠠᠷᠲᠤ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ ᠵᠢᠴᠢ ᠡᠭᠦᠷᠭᠡᠲᠦ ᠰᠡᠳᠬᠢᠯᠭᠡ ᠶᠢ ᠬᠥᠭᠵᠢᠭᠡᠵᠦ᠂ ᠭᠡᠷ ᠤᠨ ᠠᠬᠠᠮᠠᠳ ᠢ ᠰᠡᠳᠬᠢᠯ ᠳᠣᠭᠳᠣᠯᠤᠨ ᠪᠠᠶᠠᠷᠯᠠᠭᠰᠠᠨ ᠰᠡᠳᠬᠢᠯᠭᠡ ᠪᠠᠷ ᠪᠥᠬᠦ ᠶᠠᠪᠤᠴᠠ ᠳᠤ ᠪᠠᠷ᠎ᠠ ᠪᠣᠯᠵᠤ ᠰᠣᠨᠢᠷᠬᠠᠭᠤᠯᠵᠤ᠂ ᠰᠤᠷᠤᠭᠴᠢᠳ ᠤᠨ ᠬᠤᠶᠢᠰᠢᠳᠠ ᠰᠠᠶᠢᠲᠤᠷ ᠰᠤᠷᠤᠯᠴᠠᠵᠤ᠂ ᠡᠳᠦᠷ ᠠᠴᠠ ᠡᠳᠦᠷ ᠥᠭᠡᠳᠡᠯᠡᠨ ᠳᠠᠪᠰᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠵᠣᠷᠢᠭᠤᠯᠬᠤ ᠪᠠᠷ ᠴᠠᠭ ᠢᠮᠠᠭᠲᠠ ᠪᠡᠯᠡᠬᠡᠨ ᠪᠠᠶᠢᠬᠤ ᠡᠷᠡᠰ ᠵᠣᠷᠢᠭ ᠢ ᠴᠢᠩᠭᠠᠳᠬᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号