ᠤᠷᠭᠤᠮᠠᠯ ᠤᠨ ᠳᠣᠲᠣᠷᠠᠬᠢ ︽ᠤᠯᠠᠭᠠᠨ ᠢᠳᠡᠭᠡᠨ︾
ᠨᠡᠶᠢᠲᠡᠯᠡᠭᠰᠡᠨ ᠴᠠᠭ᠄
2023/6/5
     ᠪᠤᠷᠴᠠᠭ - ᠲᠠᠪᠤᠨ ᠲᠠᠷᠢᠶ᠎ᠠ ᠶᠢᠨ ᠨᠢᠭᠡ ᠵᠦᠢᠯ᠂ ᠲᠠᠯ᠎ᠠ ᠵᠣ ᠪᠠᠷ ᠵᠥᠩᠳᠡᠭᠡᠨ ᠲᠠᠷᠢᠵᠦ ᠬᠠᠯᠢᠭᠤᠷᠠᠲᠠᠯ᠎ᠠ ᠤᠷᠭᠤᠳᠠᠭ ᠲᠠᠷᠢᠮᠠᠯ᠃ ᠲᠡᠭᠡᠭᠦ ᠳᠡᠭᠡᠨ ᠪᠤᠷᠴᠠᠭ ᠤᠨ ᠲᠦᠷᠦᠯ ᠤᠯᠠᠨ ᠮᠥᠷᠲᠡᠭᠡᠨ ᠦᠢᠯᠡᠳᠦᠯ ᠬᠡᠷᠡᠭᠴᠡᠭᠡ ᠪᠠᠷ ᠴᠦ ᠥᠷᠭᠡᠨ ᠪᠠᠶᠢᠳᠠᠭ᠃ ᠤᠯᠠᠭᠠᠨ ᠪᠤᠷᠴᠠᠭ᠂ ᠨᠣᠭᠤᠭᠠᠨ ᠪᠤᠷᠴᠠᠭ᠂ ᠰᠢᠷ᠎ᠠ ᠪᠤᠷᠴᠠᠭ ᠁ ᠭᠡᠬᠦᠴᠢᠯᠡᠨ ᠥᠩᠭᠡ ᠵᠢᠰᠦ ᠪᠠᠷ ᠨᠢ ᠢᠯᠭᠠᠨ ᠨᠡᠷᠡᠯᠡᠳᠡᠭ ᠴᠦ ᠡᠳᠦᠷ ᠲᠣᠲᠣᠮ ᠪᠠᠶᠢᠩᠭᠤ ᠬᠠᠷᠠᠭᠳᠠᠬᠤ ᠨᠢ ᠬᠠᠰᠢ ᠯᠠ ᠰᠢᠷ᠎ᠠ ᠪᠤᠷᠴᠠᠭ ᠪᠤᠯᠬᠤ ᠶᠤᠮ᠃      ᠰᠢᠷ᠎ᠠ ᠪᠤᠷᠴᠠᠭ ᠰᠢᠮ᠎ᠡ ᠲᠡᠵᠢᠭᠡᠯ ᠤᠨ ᠠᠭᠤᠯᠤᠭᠳᠠᠴᠠ ᠪᠠᠷ ᠮᠢᠬ᠎ᠠ᠂ ᠰᠦ ᠪᠠ ᠥᠨᠳᠡᠭᠡ ᠶᠢᠨ ᠲᠠᠷᠠᠭ᠎ᠠ ᠣᠷᠣᠵᠤ᠂ ᠤᠷᠭᠤᠮᠠᠯ ᠤᠨ ᠳᠣᠲᠣᠷᠠᠬᠢ ︽ᠤᠯᠠᠭᠠᠨ ᠢᠳᠡᠭᠡᠨ︾ᠭᠡᠰᠡᠨ ᠡᠷᠬᠢᠮ ᠠᠯᠳᠠᠷ ᠲᠠᠢ ᠪᠢᠯᠡ᠃ ᠢᠲᠡᠭᠡᠨ ᠤ ᠲᠦᠷᠦᠯ ᠪᠣᠯᠤᠭᠰᠠᠨ ᠤ ᠬᠤᠪᠢ ᠳᠤ ᠰᠢᠷ᠎ᠠ ᠪᠤᠷᠴᠠᠭ ᠨᠢ ᠵᠦᠪᠭᠡᠨ ᠬᠤᠳᠣᠭᠤᠳᠤ ᠭᠡᠳᠡᠰᠦ ᠳᠦᠭᠦᠷᠭᠡᠬᠦ ᠬᠤᠭᠤᠯᠠ ᠵᠠᠭᠤᠰᠢ ᠲᠡᠳᠦᠢ ᠪᠢᠰᠢ᠂ ᠬᠠᠷᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠲᠡᠭᠡᠭᠰᠢᠯᠡᠭᠦᠯᠭᠦ᠂ ᠵᠢᠷᠦᠬᠡ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠬᠦ᠂ ᠥᠲᠡᠯᠬᠦ ᠶᠢ ᠤᠳᠠᠭᠠᠰᠢᠷᠠᠭᠤᠯᠵᠤ ᠵᠢᠰᠦ ᠴᠢᠷᠠᠢ ᠶᠢ ᠭᠤᠶᠣᠵᠢᠭᠤᠯᠬᠤ ᠵᠡᠷᠭᠡ ᠤᠯᠠᠨ ᠬᠡᠷᠡᠭᠴᠡᠭᠡ ᠦᠢᠯᠡᠳᠦᠯ ᠲᠠᠢ ᠪᠠᠶᠢᠳᠠᠭ ᠢ ᠰᠤᠳᠤᠯᠭᠠᠨ ᠢᠶᠠᠷ ᠲᠠᠮᠵᠢᠨ ᠭᠡᠷᠡᠴᠢᠯᠡᠭᠰᠡᠨ ᠪᠠᠶᠢᠨ᠎ᠠ᠃ ᠡᠶᠢᠨ ᠬᠦ ᠰᠢᠷ᠎ᠠ ᠪᠤᠷᠴᠠᠭ ᠢ ︽ᠪᠤᠷᠴᠠᠭ ᠤᠨ ᠸᠠᠩ︾ ᠭᠡᠬᠦ ᠳᠤ ᠥᠰᠬᠡᠵᠦ ᠶᠠᠷᠢᠭᠰᠠᠨ ᠤᠴᠢᠷ ᠣᠬᠲᠣ ᠠᠯᠠᠭ᠎ᠠ᠃      ᠰᠢᠷ᠎ᠠ ᠪᠤᠷᠴᠠᠭ ᠤᠨ ᠤᠭ ᠡᠭᠦᠰᠦᠯ ᠢ ᠮᠥᠷᠳᠡᠪᠡᠯ ᠮᠠᠨ ᠤ ᠤᠯᠤᠰ ᠠᠴᠠ ᠭᠠᠷᠤᠯᠲᠠ ᠲᠠᠢ ᠪᠥᠭᠡᠳ ᠲᠠᠲᠠᠵᠤ ᠬᠡᠯᠡᠬᠦ ᠳᠤ ᠨᠢᠭᠡᠨᠲᠡ ᠲᠠᠪᠤᠨ ᠮᠢᠩᠭᠠᠨ ᠵᠢᠯ ᠤᠨ ᠲᠡᠦᠬᠡ ᠲᠠᠢ ᠪᠣᠯᠤᠭᠰᠠᠨ ᠠᠵᠢ᠃ ︽ᠰᠢᠯᠦᠭᠯᠡᠯᠲᠦ ᠨᠣᠮ︾ ᠳᠤ᠄ ︽ᠵᠢᠷᠭᠤᠭᠠᠨ ᠰᠠᠷ᠎ᠠ ᠳᠤ ᠳᠣᠯᠣᠨᠤ ᠢᠩᠲᠣᠣᠷ ᠲᠡᠭᠦᠨ ᠢᠳᠡᠵᠦ᠂ ᠲᠤᠯᠤᠭᠠᠨ ᠰᠠᠷ᠎ᠠ ᠳᠤ ᠤᠳᠪᠠᠯᠠ ᠪᠤᠷᠴᠠᠭ ᠴᠢᠨᠠᠵᠤ ᠢᠳᠡᠮᠦᠢ︾ᠭᠡᠰᠡᠨ ᠲᠡᠮᠳᠡᠭᠯᠡᠯ ᠬᠠᠷᠠᠭᠳᠠᠨ᠎ᠠ᠃ ᠲᠡᠭᠡᠭᠦ ᠳᠡᠭᠡᠨ ᠣᠨ ᠵᠢᠯ ᠤᠨ ᠪᠤᠭᠤᠷᠤᠯ ᠤᠷᠤᠰᠬᠠᠯ ᠳᠤ ᠬᠥᠮᠥᠰ ᠵᠦᠪᠭᠡᠨ ᠬᠤᠳᠣᠭᠤᠳᠤ ᠪᠠᠨ ᠳᠦᠭᠦᠷᠭᠡᠬᠦ ᠶᠢᠨ ᠲᠥᠯᠥᠭᠡ ᠰᠢᠷ᠎ᠠ ᠪᠤᠷᠴᠠᠭ ᠲᠠᠷᠢᠵᠦ ᠬᠤᠷᠢᠶᠠᠵᠤ ᠪᠠᠶᠢᠭᠰᠠᠨ ᠲᠡᠳᠦᠢ ᠦᠭᠡᠢ᠂ ᠲᠡᠭᠦᠨ ᠢᠶᠠᠷ ᠬᠠᠶᠢᠷ᠎ᠠ ᠬᠤᠷᠣᠰᠤᠯ ᠤᠨ ᠳᠦᠷᠢ ᠪᠡᠯᠭᠡᠳᠡᠯ ᠪᠤᠯᠭᠠᠵᠤ ᠪᠠᠶᠢᠭᠰᠠᠨ ᠨᠢ ᠶᠡᠭᠡ ᠰᠣᠨᠢᠷᠬᠠᠯᠲᠠᠢ᠃ ︽ᠪᠤᠷᠴᠠᠭ ᠢ ᠪᠤᠷᠴᠠᠭ ᠤᠨ ᠡᠰᠢ ᠪᠠᠷ ᠴᠢᠨᠠᠬᠤᠶ᠎ᠠ᠂ ᠪᠤᠷᠴᠠᠭ ᠲᠣᠭᠤᠭᠠᠨ ᠳᠣᠲᠣᠷ᠎ᠠ ᠤᠭᠢᠯᠠᠮᠤᠢ︾ ᠭᠡᠰᠡᠨ ᠡᠷᠲᠡᠨ ᠤ ᠰᠢᠯᠦᠭ ᠥᠰᠢᠯ ᠬᠢᠰᠠᠯ ᠤᠨ ᠦᠯᠢᠭᠡᠷ ᠬᠦᠦᠷᠨᠢᠵᠦ᠂ ᠡᠳᠦᠭᠡ ᠪᠤᠯᠲᠠᠯ᠎ᠠ ᠠᠮᠠ ᠲᠠᠮᠵᠢᠨ ᠤᠯᠠᠮᠵᠢᠯᠠᠭᠳᠠᠭᠰᠠᠭᠠᠷ᠃ ᠦᠯᠢᠭᠡᠷᠲᠦ ᠠᠷᠠᠳ ᠤᠨ ᠳᠠᠭᠤᠤ ᠳᠤ ᠪᠠᠰᠠ ︽ᠪᠤᠷᠴᠠᠭ ᠤᠨ ᠦᠷ᠎ᠡ ᠶᠢ ᠪᠠᠨ ᠪᠤᠯᠠᠭᠠᠳ ᠲᠠᠯᠪᠢᠶ᠎ᠠ᠂ ᠪᠤᠲᠠᠯᠠᠭᠠᠳ ᠤᠷᠭᠤᠨ᠎ᠠ ᠤᠤ ᠪᠤᠲᠠᠯᠠᠬᠤ ᠦᠭᠡᠢ ᠪᠠᠷ ᠤᠷᠭᠤᠨ᠎ᠠ ᠤᠤ ᠪᠤᠷᠴᠠᠭ ᠨᠢ ᠮᠡᠳᠡᠭ ᠬᠥᠶ᠋ᠢ︾ ᠬᠡᠮᠡᠨ ᠳᠠᠭᠤᠯᠠᠳᠠᠭ᠃ ᠪᠥᠮᠪᠥᠷᠭᠡᠨ ᠠᠭᠠᠳ ᠬᠢᠯᠠᠭᠠᠷ ᠰᠢᠷ᠎ᠠ ᠪᠤᠷᠴᠠᠭ ᠢᠶᠠᠷ ᠬᠥᠮᠥᠰ ᠪᠤᠳᠤᠵᠤ ᠰᠠᠨᠠᠭᠰᠠᠨ ᠵᠦᠢᠯ ᠤᠨ ᠲᠡᠭᠦᠰ ᠳᠦᠭᠦᠷᠡᠩ ᠪᠤᠯᠬᠤ ᠶᠢ ᠪᠡᠯᠭᠡᠳᠡᠵᠦ᠂ ᠪᠤᠷᠴᠠᠭ ᠢ ᠰᠢᠯᠦᠭᠯᠡᠨ ᠳᠠᠭᠤᠯᠠᠵᠤ᠂ ᠪᠤᠷᠴᠠᠭ ᠢᠶᠠᠷ ᠪᠤᠳᠤᠯ ᠰᠠᠨᠠᠯ ᠢᠶᠠᠨ ᠲᠥᠯᠥᠭᠡᠯᠡᠭᠦᠯᠵᠦ ᠪᠠᠶᠢᠭᠰᠠᠨ ᠨᠢ ᠦᠨᠡᠨᠲᠡᠢ᠃      ᠬᠥᠳᠡᠭᠡ ᠥᠰᠦᠭᠰᠡᠨ ᠬᠡᠦᠬᠡᠳ ᠤᠨ ᠨᠢᠭᠡ ᠵᠦᠢᠯ ᠤᠨ ᠰᠤᠯᠠ ᠢᠲᠡᠭᠡᠨ ᠢ ᠬᠠᠭᠤᠷᠤᠭᠰᠠᠨ ᠪᠤᠷᠴᠠᠭ ᠭᠡᠳᠡᠭ᠃ ᠡᠳ᠋ ᠥᠯᠥᠭ ᠢᠶᠠᠷ ᠬᠤᠮᠰᠠ ᠲᠡᠷᠡ ᠴᠠᠭ ᠲᠤ ᠦᠪᠡᠰᠦᠪᠡᠨ ᠰᠤᠯᠠ ᠢᠲᠡᠭᠡᠨ ᠪᠦᠷᠢᠳᠦᠭᠦᠯᠬᠦ ᠭᠡᠵᠦ ᠦᠨᠡᠬᠡᠷ ᠶᠡᠭᠡ ᠵᠢᠷᠭᠠᠯ᠃ ᠬᠠᠯᠠᠭᠤᠯᠤᠭᠰᠠᠨ ᠲᠣᠭᠤᠭ᠎ᠠ ᠳᠠᠭᠠᠨ ᠬᠤᠮᠠᠭ ᠬᠢᠵᠦ ᠰᠢᠷ᠎ᠠ ᠪᠤᠷᠴᠠᠭ ᠢᠶᠠᠨ ᠬᠠᠭᠤᠷᠬᠤ ᠳᠤ ︽ᠫᠦᠰ ᠫᠠᠰ︾ ᠲᠠᠭᠤ ᠭᠠᠷᠴᠤ᠂ ᠠᠲᠡ ᠲᠡᠨᠳᠡ ᠦᠰᠦᠷᠬᠢᠯᠡᠵᠦ ᠬᠠᠯᠠᠭᠤᠨ ᠲᠣᠭᠤᠭᠠᠨ ᠠᠴᠠ ᠳᠤᠲᠠᠭᠠᠬᠤ ᠭᠡᠵᠦ ᠤᠷᠤᠯᠲᠤᠨ᠎ᠠ᠃ ᠭᠦᠲᠡᠯᠮᠦᠷᠢ ᠪᠠᠷ ᠢᠶᠠᠨ ᠬᠤᠷᠢᠶᠠᠵᠤ᠂ ᠬᠥᠯᠥᠰᠦ ᠪᠠᠭᠠᠭᠢᠭᠤᠯᠤᠨ ᠬᠠᠭᠤᠷᠤᠭᠰᠠᠨ ᠪᠤᠷᠴᠠᠭ ᠤᠨ ᠠᠮᠲᠠ ᠶᠡᠷᠦ ᠨᠢ ᠰᠠᠶᠢᠬᠠᠨ ᠪᠠᠶᠢᠳᠠᠭ ᠶᠤᠮ ᠠ᠋᠃ ᠲᠡᠷᠡ ᠦᠶ᠎ᠡ ᠳᠤ ᠬᠤᠷᠢᠮ ᠨᠠᠶᠢᠷ ᠤᠨ ᠰᠢᠷᠡᠭᠡᠨ ᠳᠤ ᠰᠠᠶ᠋ᠢ ᠣᠯᠵᠤ ᠢᠳᠡᠳᠡᠭ ᠲᠠᠬᠢᠶᠠᠨ ᠮᠢᠬ᠎ᠠ ᠶᠢᠨ ᠱᠥᠯᠥ ᠲᠠᠢ ᠪᠤᠷᠴᠠᠭ ᠭᠡᠵᠦ ᠬᠥᠳᠡᠭᠡ ᠶᠢᠨ ᠬᠢᠨ ᠤ ᠨᠡᠷᠡᠲᠦ ᠵᠠᠭᠤᠰᠢ ᠪᠢᠯᠡ᠃      ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ ᠥᠨᠥᠳᠥᠷ ᠰᠢᠷ᠎ᠠ ᠪᠤᠷᠴᠠᠭ ᠨᠢᠭᠡᠨᠲᠡ ᠠᠵᠤ ᠦᠢᠯᠡᠳᠪᠦᠷᠢ ᠳᠤ ᠣᠷᠣᠵᠤ᠂ ᠦᠢᠯᠡᠳᠦᠯ ᠬᠡᠷᠡᠭᠴᠡᠭᠡ ᠪᠠᠨ ᠪᠠᠳᠠᠷᠠᠭᠤᠯᠬᠤ ᠪᠣᠯᠵᠠᠢ᠃ ᠰᠢᠷ᠎ᠠ ᠪᠤᠷᠴᠠᠭ ᠲᠤ ᠤᠭᠤᠷᠠᠭ ᠦᠯᠡᠮᠵᠢ ᠠᠭᠤᠯᠤᠭᠳᠠᠵᠤ᠂ ᠢᠳᠡᠭᠡᠨ ᠤ ᠲᠣᠰᠣ ᠶᠢᠨ ᠲᠦᠭᠦᠬᠡᠢ ᠮᠠᠲ᠋ᠧᠷᠢᠶᠠᠯ ᠪᠤᠯᠬᠤ ᠪᠠᠷ ᠪᠠᠷᠠᠬᠤ ᠦᠭᠡᠢ ᠮᠠᠯ  ᠲᠡᠵᠢᠭᠡᠪᠦᠷᠢ ᠶᠢᠨ ᠤᠭᠤᠷᠠᠭᠲᠤ ᠪᠣᠷᠳᠤᠭ᠎ᠠ ᠶᠢᠨ ᠴᠢᠬᠤᠯᠠ ᠢᠷᠡᠯᠲᠡ ᠪᠣᠯᠵᠤ᠂ ᠮᠠᠯ ᠠᠵᠤ ᠠᠬᠤᠢ᠂ ᠠᠵᠤ ᠦᠢᠯᠡᠳᠪᠦᠷᠢ ᠶᠢᠨ ᠦᠢᠯᠡᠳᠬᠦ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠵᠡᠷᠭᠡ ᠳᠤ ᠥᠷᠭᠡᠨ ᠢᠶᠠᠷ ᠠᠰᠢᠭᠯᠠᠭᠳᠠᠵᠤ ᠡᠬᠢᠯᠡᠪᠡ᠃ ᠮᠠᠨ ᠤ ᠣᠷᠣᠨ ᠬᠥᠯᠥᠨ ᠪᠤᠶᠢᠷ ᠬᠤᠲᠠ ᠪᠣᠯᠣᠨ ᠬᠢᠩᠭᠠᠨ ᠠᠶᠢᠮᠠᠭ ᠢᠶᠠᠷ ᠭᠤᠣᠯ ᠪᠤᠯᠭᠠᠬᠰᠠᠨ ᠪᠣᠬᠢᠷᠳᠤᠯ ᠦᠭᠡᠢ ᠣᠷᠭᠠᠨᠢᠭ ᠰᠢᠷ᠎ᠠ ᠪᠤᠷᠴᠠᠭ ᠤᠨ ᠠᠵᠤ ᠦᠢᠯᠡᠰ ᠤᠨ ᠪᠦᠰᠡ ᠶᠢᠨ ᠲᠣᠭᠤᠷᠢᠨ ᠳᠤ ᠤᠭᠤᠷᠠᠭ ᠶᠡᠬᠡᠲᠡᠢ ᠰᠢᠷ᠎ᠠ ᠪᠤᠷᠴᠠᠭ ᠢ ᠭᠤᠣᠯᠳᠠᠯᠭ᠎ᠠ ᠲᠠᠢ ᠬᠥᠭᠵᠢᠭᠦᠯᠵᠦ᠂ ᠰᠢᠷ᠎ᠠ ᠪᠤᠷᠴᠠᠭ ᠤᠨ ᠲᠣᠰᠣ᠂ ᠰᠢᠷ᠎ᠠ ᠪᠤᠷᠴᠠᠭ ᠤᠨ ᠬᠡᠮᠬᠡᠳᠡᠭ᠂ ᠰᠢᠷ᠎ᠠ ᠪᠤᠷᠴᠠᠭ ᠤᠨ ᠨᠤᠨᠳᠠᠭ ᠪᠤᠯᠪᠠᠰᠤᠷᠠᠭᠤᠯᠬᠤ ᠵᠢᠴᠢ ᠰᠢᠷ᠎ᠠ ᠪᠤᠷᠴᠠᠭ ᠤᠨ ᠤᠭᠤᠷᠠᠭ ᠪᠠ ᠢᠳᠡᠭᠡᠨ ᠤ ᠰᠢᠷᠬᠡᠭᠯᠢᠭ ᠭᠠᠷᠭᠠᠨ ᠠᠪᠬᠤ ᠶᠢ ᠭᠤᠣᠯᠳᠠᠯᠭ᠎ᠠ ᠲᠠᠢ ᠲᠡᠮᠵᠢᠵᠤ᠂ ᠨᠠᠷᠠᠳᠤ ᠲᠦᠷᠦᠯ ᠲᠡᠮᠳᠡᠭ ᠢ ᠴᠣᠭᠴᠠᠯᠠᠨ᠂ ᠪᠦᠭᠦ ᠤᠯᠤᠰ ᠤᠨ ᠪᠣᠬᠢᠷᠳᠤᠯ ᠦᠭᠡᠢ ᠣᠷᠭᠠᠨᠢᠭ ᠰᠢᠷ᠎ᠠ ᠪᠤᠷᠴᠠᠭ ᠤᠨ ᠦᠢᠯᠡᠳᠪᠦᠷᠢᠯᠡᠯ ᠡᠳ᠋ᠰᠢᠭᠦᠯᠦᠯᠲᠡ ᠶᠢᠨ ᠰᠠᠭᠤᠷᠢᠨ ᠢ ᠪᠦᠲᠦᠭᠡᠨ ᠪᠠᠶᠢᠭᠤᠯᠬᠤ ᠶᠢ ᠲᠠᠮᠵᠢᠵᠤ ᠪᠠᠶᠢᠨ᠎ᠠ᠃ ᠲᠡᠮ ᠲᠡᠮ ᠳᠡᠭᠡᠨ ᠳᠡᠭᠡᠰᠦ ᠡᠷᠴᠢᠮ ᠳᠡᠭᠡᠨ ᠭᠡᠭᠴᠢ ᠪᠠᠷ ᠰᠡᠳᠬᠢᠯ ᠨᠢᠭᠡᠳᠦᠭᠡᠳ ᠬᠢᠪᠡᠯ ᠠᠵᠢᠯ ᠶᠠᠪᠤᠳᠠᠯ ᠪᠦᠳᠦᠮᠵᠢᠳᠠᠢ ᠪᠣᠯᠵᠤ᠂ ᠵᠢᠵᠢᠭᠬᠡᠨ ᠰᠢᠷ᠎ᠠ ᠪᠤᠷᠴᠠᠭ ᠠᠴᠠ ᠲᠣᠮᠣ ᠠᠵᠤ ᠦᠢᠯᠡᠰ ᠰᠦᠨᠳᠡᠷᠯᠡᠬᠦ ᠨᠢ ᠯᠠᠪᠲᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号