︽ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ︾ ᠨᠡᠩ ᠬᠥᠭᠵᠢᠨ ᠳᠡᠯᠭᠡᠷᠡᠬᠦ ᠶᠢ ᠬᠦᠰᠡᠨ ᠪᠠᠷᠠᠯᠠᠨ᠎ᠠ
ᠨᠡᠶᠢᠲᠡᠯᠡᠭᠰᠡᠨ ᠴᠠᠭ᠄
2023/6/5
     ᠵᠢᠭᠤᠯᠴᠢᠯᠠᠯ ᠨᠢ ᠤᠯᠠᠨ ᠨᠡᠶᠢᠲᠡ ᠶᠢᠨ ᠨᠢᠭᠡ ᠵᠦᠢᠯ ᠤᠨ ᠠᠮᠢᠳᠤᠷᠠᠯ ᠤᠨ ᠰᠢᠨ᠎ᠡ ᠠᠷᠭ᠎ᠠ ᠮᠠᠶ᠋ᠢᠭ ᠪᠣᠯᠤᠭᠰᠠᠨ ᠤ ᠬᠤᠪᠢ ᠳᠤ᠂ ᠪᠣᠳᠠᠰ ᠤᠨ ᠪᠤᠰᠤ ᠰᠣᠶᠣᠯ ᠤᠨ ᠥᠪ ᠢ ᠦᠢᠯᠡᠳᠦᠯᠭᠡᠵᠢᠭᠦᠯᠵᠦ ᠬᠡᠷᠡᠭᠯᠡᠭᠡᠨ ᠳᠤ ᠤᠷᠤᠭᠤᠯᠬᠤ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠪᠠᠶᠢᠨ᠎ᠠ᠃      ᠪᠣᠳᠠᠰ ᠤᠨ ᠪᠤᠰᠤ ᠰᠣᠶᠣᠯ ᠤᠨ ᠥᠪ ᠢ ᠠᠮᠢᠯᠠᠭᠤᠯᠤᠨ ᠤᠯᠠᠮᠵᠢᠯᠠᠬᠤ ᠪᠣᠯ ᠪᠢᠳᠠᠨ ᠤ ᠡᠭᠦᠷᠭᠡ ᠬᠠᠷᠢᠭᠤᠴᠠᠯᠭ᠎ᠠ ᠪᠤᠯᠬᠤ ᠪᠥᠭᠡᠳ ᠪᠠᠰᠠ ᠴᠢᠬᠤᠯᠠ ᠬᠥᠭᠵᠢᠯᠲᠡ ᠶᠢᠨ ᠠᠵᠠ ᠲᠣᠭᠢᠶᠠᠯ ᠪᠤᠯᠬᠤ ᠶᠤᠮ᠃ ᠪᠣᠳᠠᠰ ᠤᠨ ᠪᠤᠰᠤ ᠰᠣᠶᠣᠯ ᠤᠨ ᠥᠪ ᠤᠨ ᠪᠠᠶᠠᠯᠢᠭ ᠠᠭᠤᠷᠬᠠᠢ ᠶᠢ ᠨᠡᠭᠡᠭᠡᠨ ᠠᠭᠤᠳᠠᠯᠵᠤ᠂ ᠡᠷᠳᠡᠮᠲᠡᠨ ᠮᠡᠷᠭᠡᠳ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠦᠲᠦᠭᠡᠯᠴᠢ ᠪᠠᠷ ᠰᠢᠯᠵᠢᠭᠦᠯᠬᠦ ᠨᠢ ᠪᠣᠳᠠᠰ ᠤᠨ ᠪᠤᠰᠤ ᠰᠣᠶᠣᠯ ᠤᠨ ᠥᠪ ᠤᠨ ᠯᠤᠲᠤ ᠶᠡᠭᠡ ᠰᠣᠶᠣᠯ ᠤᠨ ᠦᠷᠳᠡᠭ᠂ ᠲᠡᠦᠬᠡ ᠶᠢᠨ ᠦᠷᠳᠡᠭ ᠪᠣᠯᠣᠨ ᠠᠵᠤ ᠠᠬᠤᠢ ᠶᠢᠨ ᠦᠷᠳᠡᠭ ᠢ ᠢᠯᠡᠷᠡᠭᠦᠯᠵᠦ ᠴᠢᠳᠠᠨ᠎ᠠ᠃ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠨᠢ ᠨᠢᠭᠡ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠬᠥᠭᠵᠢᠭᠡᠬᠦ᠂ ᠠᠷᠠᠳ ᠤᠨ ᠠᠮᠢᠳᠤᠷᠠᠯ ᠤᠨ ᠠᠰᠢᠭ ᠤᠷᠤᠯᠭ᠎ᠠ  ᠶᠢ ᠨᠡᠮᠡᠭᠳᠡᠭᠦᠯᠬᠦ ᠳᠤ ᠨᠠᠩ ᠣᠯᠠᠨ ᠪᠣᠯᠣᠯᠴᠠᠭ᠎ᠠ ᠠᠪᠴᠢᠷᠠᠬᠤ ᠪᠣᠯᠣᠨ᠎ᠠ᠃ ᠮᠠᠨ ᠤ ᠤᠯᠤᠰ ᠲᠤ 80 ᠭᠠᠷᠤᠢ ᠲᠦᠮᠡᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠪᠤᠢ᠂ ᠲᠤᠭ᠎ᠠ ᠬᠡᠮᠵᠢᠶ᠎ᠡ ᠨᠢ ᠶᠡᠭᠡ᠂ ᠲᠦᠷᠦᠯ ᠵᠦᠢᠯ ᠨᠢ ᠤᠯᠠᠨ᠂ ᠬᠦᠷᠢᠶ᠎ᠡ ᠬᠡᠪᠴᠢᠶ᠎ᠡ ᠨᠢ ᠥᠷᠭᠡᠨ᠂ ᠣᠳᠣᠬᠠᠨ ᠳᠤ ᠠᠰᠢᠭᠯᠠᠭᠳᠠᠵᠤ ᠪᠠᠶᠢᠭ᠎ᠠ ᠨᠢ ᠵᠥᠪᠭᠡᠨ ᠲᠡᠭᠦᠨ ᠤ ᠳᠣᠲᠣᠷᠠᠬᠢ ᠮᠠᠰᠢ ᠪᠠᠭ᠎ᠠ ᠬᠡᠰᠡᠭ ᠨᠢ ᠪᠣᠯᠣᠨ᠎ᠠ᠂ ᠢᠷᠡᠭᠡᠳᠦᠢ ᠳᠤ ᠪᠣᠳᠠᠰ ᠤᠨ ᠪᠤᠰᠤ ᠰᠣᠶᠣᠯ ᠤᠨ ᠥᠪ ᠪᠣᠯᠣᠨ ᠵᠢᠭᠤᠯᠴᠢᠯᠠᠯ ᠤᠨ ᠠᠭᠤᠰᠤᠯᠴᠠᠯ ᠤᠨ ᠣᠷᠣᠨ ᠵᠠᠢ ᠶᠡᠭᠡ᠂ ᠡᠭᠦᠷᠭᠡ ᠬᠦᠨᠳᠦ ᠪᠠᠶᠢᠨ᠎ᠠ᠃ ᠡᠶᠢᠮᠦ ᠠᠴᠠ ᠲᠥᠷᠥ ᠶᠢᠨ ᠪᠣᠳᠣᠯᠭ᠎ᠠ ᠪᠠᠷ ᠬᠥᠲᠥᠯᠬᠦ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠬᠥᠭᠵᠢᠯᠲᠡ ᠶᠢᠨ ᠨᠡᠶᠢᠯᠡᠯ ᠬᠦᠴᠦᠨ ᠢ ᠪᠦᠷᠢᠯᠳᠦᠭᠦᠯᠦᠨ᠂ ᠭᠤᠣᠯᠳᠠᠯᠭ᠎ᠠ ᠲᠠᠢ ᠰᠢᠪᠲᠤᠯᠤᠯᠲᠠ ᠶᠢ ᠪᠡᠶᠡᠯᠡᠭᠦᠯᠬᠦ ᠶᠢ ᠲᠤᠯᠭᠠᠮ ᠱᠠᠭᠠᠷᠳᠠᠵᠤ ᠪᠠᠶᠢᠨ᠎ᠠ᠃      ᠵᠢᠭᠤᠯᠴᠢᠯᠠᠯ ᠨᠢ ᠪᠣᠳᠠᠰ ᠤᠨ ᠪᠤᠰᠤ ᠰᠣᠶᠣᠯ ᠤᠨ ᠥᠪ ᠢ ᠠᠮᠢᠳᠤᠯᠢᠭ ᠢᠶᠠᠷ ᠤᠯᠠᠮᠵᠢᠯᠠᠬᠤ ᠶᠢ ᠪᠠᠶᠠᠯᠢᠭᠵᠢᠭᠤᠯᠤᠨ᠎ᠠ᠃ ᠠᠷᠠᠳ ᠤᠨ ᠳᠤᠮᠳᠠ ᠲᠠᠷᠬᠠᠵᠤ ᠪᠠᠶᠢᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠵᠠᠷᠢᠮ  ᠨᠢ ᠠᠮᠢᠳᠤᠷᠠᠯ ᠳᠤᠮᠳᠠ ᠬᠡᠷᠡᠭᠯᠡᠭᠳᠡᠬᠦ ᠦᠭᠡᠢ ᠪᠣᠯᠤᠭᠰᠠᠨ ᠠᠴᠠ ᠤᠰᠠᠳᠤᠮᠠᠷ ᠪᠣᠯᠵᠠᠢ᠂ ᠭᠡᠪᠡᠴᠦ ᠶᠡᠭᠡ ᠬᠡᠪᠴᠢᠶᠡᠨ ᠤ ᠬᠥᠳᠡᠯᠦᠩᠭᠦᠢ ᠵᠢᠭᠤᠯᠴᠢᠯᠠᠯ ᠤᠨ ᠠᠵᠢᠯᠯᠠᠭ᠎ᠠ ᠨᠢ ᠶᠠᠭ ᠰᠠᠶᠢᠬᠠᠨ ᠡᠨᠡ ᠬᠦ ᠳᠤᠲᠠᠭᠳᠠᠯ ᠢ ᠨᠥᠬᠦᠪᠦᠷᠢᠯᠡᠭᠰᠡᠨ ᠪᠠᠶᠢᠨ᠎ᠠ᠃ ᠥᠪᠡᠷᠮᠢᠴᠡ ᠣᠨᠴᠠᠯᠢᠭ ᠢᠶᠠᠷ ᠪᠢᠯᠬᠠᠮ᠎ᠠ ᠨᠤᠲᠤᠭ ᠤᠰᠤᠨ ᠤ ᠵᠠᠩ ᠦᠢᠯᠡ᠂ ᠭᠦᠷ ᠬᠥᠭᠵᠢᠶᠡᠨ ᠲᠠᠢ ᠪᠠᠶᠠᠷ ᠳᠤᠷᠠᠰᠬᠠᠯ ᠤᠨ ᠠᠵᠢᠯᠯᠠᠭ᠎ᠠ᠂ ᠥᠩᠭᠡ  ᠢᠯᠭᠠᠷᠠᠨ ᠰᠣᠯᠣᠩᠭᠠᠷᠠᠬᠤ ᠦᠨᠳᠦᠰᠦᠲᠡᠨ ᠤ ᠬᠤᠪᠴᠠᠰᠤ ᠵᠠᠰᠠᠯ᠂ ᠥᠪᠡᠷ ᠥᠪᠡᠷ ᠤᠨ ᠣᠨᠴᠠᠭᠠᠢ ᠡᠷᠳᠡᠮ ᠲᠠᠢ ᠭᠠᠷ ᠤᠷᠠᠯᠠᠯ᠂ ᠦᠨᠦᠷ ᠠᠮᠲᠠ ᠪᠠᠷ ᠢᠶᠠᠨ ᠣᠨᠴᠠᠯᠢᠭᠳᠠᠬᠤ ᠣᠷᠣᠨ ᠨᠤᠲᠤᠭ ᠤᠨ ᠠᠮᠲᠠᠲᠤ ᠢᠳᠡᠭᠡᠨ᠂ ᠢᠳᠡᠬᠦ ᠤᠤᠭᠤᠬᠤ ᠬᠤᠨᠣᠬᠤ ᠶᠠᠪᠤᠬᠤ ᠵᠢᠭᠤᠯᠴᠢᠯᠠᠬᠤ ᠬᠤᠳᠠᠯᠳᠤᠨ ᠠᠪᠬᠤ ᠴᠡᠩᠭᠡᠬᠦ ᠪᠦᠭᠦ ᠲᠠᠯ᠎ᠠ ᠪᠠᠷ ᠵᠢᠭᠤᠯᠴᠢᠯᠠᠯ ᠳᠤ ᠬᠦᠴᠦᠨ ᠨᠡᠮᠡᠷᠢᠯᠡᠨ᠎ᠡ᠃ ᠦᠵᠡᠮᠵᠢ ᠶᠢᠨ ᠣᠷᠣᠨ ᠨᠢ ᠪᠣᠳᠠᠰ ᠤᠨ ᠪᠤᠰᠤ ᠰᠣᠶᠣᠯ ᠤᠨ ᠥᠪ ᠢ ᠠᠭᠤᠰᠤᠯᠴᠠᠭᠤᠯᠤᠭᠰᠠᠨ ᠠᠴᠠ ᠪᠣᠯᠵᠤ ᠶᠠᠰᠤ ᠴᠢᠨᠠᠷ ᠨᠢ ᠳᠡᠭᠡᠭᠰᠢᠯᠡᠵᠦ᠂ ᠣᠷᠣᠨ ᠨᠤᠲᠤᠭ ᠤᠨ ᠬᠢᠨ ᠣᠨᠴᠠᠯᠢᠭᠲᠤ ᠬᠥᠭᠵᠢᠯᠲᠡ ᠠᠴᠠ ᠪᠣᠯᠵᠤ ᠳᠠᠪᠠᠭᠤᠯᠢᠭ ᠢᠶᠠᠨ ᠢᠯᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠠᠮᠢᠳᠤᠯᠢᠭ ᠤᠯᠠᠮᠵᠢᠯᠠᠯ ᠠᠴᠠ ᠪᠣᠯᠵᠤ ᠠᠮᠢᠵᠢᠷᠠᠯ ᠤᠨ ᠬᠦᠴᠦᠨ ᠨᠢ ᠨᠡᠮᠡᠭᠳᠡᠵᠦ ᠪᠠᠶᠢᠨ᠎ᠠ᠃ ᠡᠶᠢᠮᠦ ᠪᠣᠯᠬᠤᠷ ᠪᠣᠳᠠᠰ ᠤᠨ ᠪᠤᠰᠤ ᠰᠣᠶᠣᠯ ᠤᠨ ᠥᠪ ᠢ ᠬᠥᠭᠵᠢᠵᠦ ᠳᠡᠶᠢᠯᠭᠦ ᠦᠭᠡᠢ᠂ ᠤᠯᠠᠮᠵᠢᠯᠠᠵᠤ ᠳᠡᠶᠢᠯᠭᠦ ᠦᠭᠡᠢ ᠭᠡᠵᠦ ᠵᠣᠪᠠᠭ᠋ᠤ ᠤᠴᠢᠷ ᠶᠠᠭᠤᠨ︖      ᠵᠢᠭᠤᠯᠴᠢᠯᠠᠯ ᠨᠢ ᠪᠣᠳᠠᠰ ᠤᠨ ᠪᠤᠰᠤ ᠰᠣᠶᠣᠯ ᠤᠨ ᠥᠪ ᠤᠨ ᠠᠰᠢᠭᠯᠠᠯᠲᠠ ᠳᠤ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠨ᠎ᠡ᠃ ᠵᠠᠬ᠎ᠠ ᠳᠡᠯᠭᠡᠭᠦᠷ ᠤᠨ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ ᠶᠣᠰᠣ ᠭᠡᠳᠡᠷᠭᠦ  ᠪᠠᠨ ᠪᠣᠳᠠᠰ ᠤᠨ ᠪᠤᠰᠤ ᠰᠣᠶᠣᠯ ᠤᠨ ᠥᠪ ᠤᠨ ᠠᠮᠢᠳᠤᠯᠢᠭ ᠢᠶᠠᠷ ᠬᠥᠭᠵᠢᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠱᠠᠯᠠᠪᠳᠠᠭᠤᠯᠤᠭᠰᠠᠨ ᠪᠠᠶᠢᠳᠠᠭ᠃ ᠪᠣᠳᠠᠰ ᠤᠨ ᠪᠤᠰᠤ ᠰᠣᠶᠣᠯ ᠤᠨ ᠥᠪ ᠢ ᠠᠮᠢᠳᠤᠯᠢᠭᠵᠢᠭᠤᠯᠵᠤ ᠴᠢᠳᠠᠭᠰᠠᠨ ᠡᠰᠡᠬᠦ ᠶᠢ ᠵᠢᠭᠤᠯᠴᠢᠯᠠᠬᠰᠠᠳ ᠤᠨ ᠬᠤᠳᠠᠯᠳᠤᠨ ᠠᠪᠬᠤ ᠪᠢᠯᠧᠲ᠂ ᠵᠠᠬ᠎ᠠ ᠳᠡᠯᠭᠡᠭᠦᠷ ᠲᠠᠬᠢ ᠡᠵᠡᠯᠡᠬᠦ ᠬᠤᠪᠢ ᠶᠢᠨ ᠵᠢᠩ ᠰᠢᠯᠭᠠᠨ ᠲᠣᠭᠲᠠᠭᠠᠨ᠎ᠠ᠃ ᠲᠥᠪ ᠶᠣᠰᠣ ᠶᠢ ᠪᠠᠷᠢᠮᠲᠠᠯᠠᠬᠤ ᠪᠣᠯ ᠳᠠᠷᠤᠢ ᠵᠣᠷᠢᠭ ᠰᠠᠨᠠᠭ᠎ᠠ ᠪᠠᠨ ᠰᠠᠬᠢᠵᠤ᠂ ᠤᠷ᠎ᠠ ᠮᠡᠷᠭᠡᠵᠢᠯ ᠢᠶᠠᠨ ᠰᠠᠬᠢᠬᠤ ᠶᠠᠪᠤᠳᠠᠯ ᠪᠤᠯᠤᠨ᠎ᠠ;ᠰᠢᠨ᠎ᠡ ᠶᠢ ᠡᠭᠦᠳᠬᠦ ᠪᠣᠯ ᠳᠠᠷᠤᠢ ᠵᠣᠷᠢᠭᠲᠠᠢ ᠰᠢᠪᠲᠤᠯᠤᠯᠲᠠ ᠭᠠᠷᠭᠠᠵᠤ᠂ ᠴᠠᠭ ᠦᠶ᠎ᠡ ᠲᠠᠢ ᠠᠭᠤᠰᠤᠯᠴᠠᠬᠤ ᠶᠠᠪᠤᠳᠠᠯ ᠪᠣᠯᠣᠨ᠎ᠠ᠃ ᠥᠭᠡᠷᠡᠴᠢᠯᠡᠯᠲᠡ ᠬᠢᠬᠦ ᠶᠢ ᠪᠣᠳᠣᠯᠬᠢᠯᠠᠬᠤ ᠦᠭᠡᠢ ᠪᠣᠯ ᠪᠤᠯᠬᠤ ᠦᠭᠡᠢ᠂ ᠠᠳᠠᠯᠢ ᠪᠠᠷ ᠳᠤᠷ᠎ᠠ ᠪᠠᠷ ᠢᠶᠠᠨ ᠵᠣᠬᠢᠶᠠᠵᠤ ᠵᠣᠷᠢᠭ ᠢᠶᠠᠷ ᠢᠶᠠᠨ ᠦᠢᠯᠡᠳᠴᠦ ᠪᠤᠯᠬᠤ ᠦᠭᠡᠢ᠃ ᠪᠣᠳᠠᠰ ᠤᠨ ᠪᠤᠰᠤ ᠰᠣᠶᠣᠯ ᠤᠨ ᠥᠪ ᠪᠣᠯᠣᠨ ᠵᠠᠬ᠎ᠠ ᠳᠡᠯᠭᠡᠭᠦᠷ ᠤᠨ ᠬᠤᠣᠰ ᠴᠢᠭᠯᠡᠯ ᠢᠶᠠᠷ ᠦᠢᠯᠡᠳᠦᠯᠴᠡᠬᠦ ᠪᠠᠷ ᠳᠠᠮᠵᠢᠭᠤᠯᠵᠤ᠂ ᠵᠢᠭᠤᠯᠴᠢᠯᠠᠬᠰᠠᠳ ᠤᠨ ᠪᠤᠳᠤᠯ ᠰᠡᠳᠬᠢᠯ ᠢ ᠣᠨᠣᠪᠴᠢᠲᠠᠢ ᠣᠶᠢᠯᠠᠭᠠᠵᠤ᠂ ᠵᠠᠬ᠎ᠠ ᠳᠡᠯᠭᠡᠭᠦᠷ ᠤᠨ ᠡᠭᠦᠳᠡ ᠶᠢ ᠨᠡᠭᠡᠭᠡᠨ᠂ ᠪᠦᠲᠦᠭᠡᠯᠴᠢ ᠰᠠᠨᠠᠭ᠎ᠠ ᠳᠤ ᠲᠦᠰᠢᠨ ᠡᠵᠡᠩᠨᠡᠯᠲᠡ ᠶᠢᠨ ᠭᠡᠯᠪᠡᠷᠢ ᠶᠢ ᠡᠭᠦᠳᠦᠨ᠂ ᠰᠢᠨ᠎ᠡ ᠶᠢ ᠡᠭᠦᠳᠬᠦ ᠪᠠᠷ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠭᠦᠳᠦᠨ ᠪᠦᠲᠦᠭᠡᠯᠲᠡ ᠪᠠᠷ ᠳᠠᠮᠵᠢᠨ ᠨᠡᠶᠢᠭᠡᠮ ᠳᠤ ᠪᠤᠶᠠᠨ ᠦᠢᠯᠡᠳᠦᠨ᠎ᠡ᠃      ᠵᠢᠭᠤᠯᠴᠢᠯᠠᠯ ᠨᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳᠤ ᠥᠷᠭᠡᠨ ᠠᠭᠤᠳᠠᠮ ᠲᠠᠪᠴᠠᠩ ᠬᠠᠩᠭᠠᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠮᠦᠽᠧᠢ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠡᠯ ᠤᠨ ᠭᠠᠵᠠᠷ ᠨᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠤᠷ᠎ᠠ ᠮᠡᠷᠭᠡᠵᠢᠯ ᠢᠶᠠᠨ ᠪᠠᠳᠠᠷᠠᠭᠤᠯᠬᠤ ᠳᠤ ᠣᠷᠣᠨ ᠵᠠᠢ ᠬᠠᠩᠭᠠᠨ᠎ᠠ᠂ ᠵᠢᠭᠤᠯᠴᠢᠯᠠᠯ ᠤᠨ ᠵᠠᠬ᠎ᠠ ᠳᠡᠯᠭᠡᠭᠦᠷ ᠲᠠᠬᠢ ᠡᠭᠦᠳᠡᠨ ᠪᠢᠯᠧᠲ᠂ ᠳᠡᠯᠭᠡᠭᠦᠷ ᠨᠢ ᠠᠳᠠᠯᠢ ᠪᠠᠷ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤ ᠰᠢᠨ᠎ᠡ ᠣᠷᠣᠨ ᠵᠠᠢ ᠪᠣᠯᠵᠤ ᠪᠣᠯᠣᠨ᠎ᠠ᠃ ᠣᠶᠢᠷ᠎ᠠ ᠶᠢᠨ ᠵᠢᠯ ᠠᠴᠠ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠰᠢᠨ᠎ᠡ ᠶᠢ ᠡᠭᠦᠳᠦᠨ ᠬᠤᠪᠢᠰᠤᠯᠲᠠ ᠶᠢ ᠡᠷᠢᠯᠬᠢᠯᠡᠵᠦ᠂ ᠠᠭᠤᠰᠤᠯᠴᠠᠨ ᠬᠥᠭᠵᠢᠬᠦ ᠵᠠᠮ ᠢ ᠲᠠᠰᠤᠷᠠᠯᠳᠠ ᠦᠭᠡᠢ ᠥᠷᠭᠡᠳᠬᠡᠨ᠂ ᠥᠪᠡᠷᠮᠢᠴᠡ ᠣᠨᠴᠠᠯᠢᠭᠲᠤ ᠵᠢᠵᠢᠭ ᠪᠠᠯᠭᠠᠰᠤ᠂ ᠦᠵᠡᠮᠵᠢ ᠶᠢᠨ ᠴᠡᠭ᠂ ᠦᠵᠡᠰᠭᠦᠯᠡᠩ᠂ ᠮᠦᠽᠧᠢ᠂ ᠥᠪᠡᠷᠮᠢᠴᠡ ᠣᠨᠴᠠᠯᠢᠭᠲᠤ ᠵᠡᠭᠡᠯᠢ ᠲᠣᠭᠤᠷᠢᠭ ᠵᠡᠷᠭᠡ ᠯᠦᠭᠡ ᠠᠭᠤᠰᠤᠯᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠠᠷᠭ᠎ᠠ ᠭᠡᠯᠪᠡᠷᠢ ᠨᠢ ᠨᠡᠩ ᠠᠷᠪᠢᠨ ᠪᠣᠯᠵᠤ ᠪᠠᠶᠢᠨ᠎ᠠ᠃      ᠨᠢᠭᠡ ᠯᠡ ᠦᠭᠡ ᠪᠠᠷ ᠬᠡᠯᠡᠪᠡᠯ᠂ ᠪᠣᠳᠠᠰ ᠤᠨ ᠪᠤᠰᠤ ᠰᠣᠶᠣᠯ ᠤᠨ ᠥᠪ ᠢ ᠠᠮᠢᠳᠤᠯᠢᠭ ᠪᠤᠯᠭᠠᠬᠤ ᠳᠤ ᠵᠢᠭᠤᠯᠴᠢᠯᠠᠯ ᠲᠤᠲᠠᠭᠳᠠᠵᠤ ᠪᠤᠯᠬᠤ ᠦᠭᠡᠢ᠃ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠯᠤᠭ᠎ᠠ ᠠᠭᠤᠰᠤᠯᠴᠠᠬᠤ ᠳᠤ ᠪᠢᠳᠡ ᠨᠡᠩ ᠠᠩᠬᠠᠷᠴᠤ ᠳᠡᠮᠵᠢᠬᠦ ᠶᠣᠰᠣᠲᠠᠢ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠨᠢᠭᠡᠴᠢ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠳᠤ ᠠᠪᠴᠤ ᠬᠡᠯᠡᠪᠡᠯ᠂ ᠲᠣᠰ ᠤᠳᠠᠭᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠣᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠠᠵᠠ ᠲᠣᠭᠢᠶᠠᠯ ᠢ ᠡᠵᠡᠮᠳᠡᠵᠦ᠂ ᠪᠣᠳᠠᠰ ᠤᠨ ᠪᠤᠰᠤ ᠰᠣᠶᠣᠯ ᠤᠨ ᠥᠪ ᠢ ᠪᠦᠲᠦᠭᠡᠯᠴᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠡᠶᠡᠯᠡᠭᠦᠯᠬᠦ ᠲᠠᠯ᠎ᠠ ᠪᠠᠷ ᠨᠠᠩ ᠶᠡᠭᠡ ᠬᠦᠴᠦ ᠣᠷᠣᠭᠤᠯᠵᠤ᠂ ᠦᠯᠡᠮᠵᠢ ᠪᠦᠲᠦᠮᠵᠢ ᠭᠠᠷᠭᠠᠬᠤ ᠨᠢ ᠴᠢᠬᠤᠯᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号