ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 5 ᠳ᠋ᠤᠭᠠᠷ ᠣᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠣᠳᠠᠭᠠᠨ ᠤ ᠤᠨᠤᠯ ᠰᠣᠷᠣᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/7
     5 ᠰᠠᠷ᠎ᠠ ᠶᠢᠨ 30  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠣᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠣᠳᠠᠭᠠᠨ ᠤ ᠤᠨᠤᠯ ᠰᠣᠷᠣᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ᠂ ᠲᠥᠪ ᠤᠨ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠰᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠥᠭᠭᠦᠭᠰᠡᠨ ᠬᠠᠷᠢᠭᠤ ᠵᠠᠬᠢᠳᠠᠯ ᠢ ᠤᠯᠠᠮᠵᠢᠯᠠᠨ ᠰᠣᠷᠣᠯᠴᠠᠵᠤ᠂ ᠰᠢᠶᠠᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠰᠠᠨᠠᠯ︾ ︽ᠠᠷᠭ᠎ᠠ︾ ︽ᠲᠣᠭᠲᠠᠭᠠᠯ︾ ᠵᠡᠷᠭᠡ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶᠠᠨ ᠤ ᠲᠤᠭ᠎ᠠ ᠪᠦᠷᠢᠳᠬᠡᠯ ᠢ ᠬᠠᠭᠤᠷᠮᠬᠠᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠡᠷᠡᠰ ᠵᠣᠷᠢᠭ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠪᠢᠴᠢᠭ ᠮᠠᠲ᠋ᠧᠷᠢᠶᠠᠯ ᠤᠨ ᠲᠣᠭᠲᠠᠭᠠᠯ ᠲᠠᠢ ᠨᠢᠭᠡᠳᠬᠡᠵᠦ᠂ ᠲᠤᠭ᠎ᠠ ᠪᠦᠷᠢᠳᠬᠡᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠂ ᠦᠵᠡᠯ ᠰᠠᠨᠠᠭᠠᠨ ᠤ ᠲᠠᠯ᠎ᠠ ᠪᠠᠷ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠤᠬᠠᠮᠰᠠᠷ ᠢ ᠪᠠᠲᠤ ᠪᠤᠢ ᠪᠣᠯᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠬᠠᠤᠯᠢ ᠶᠣᠰᠣᠭᠠᠷ ᠲᠤᠭ᠎ᠠ ᠪᠦᠷᠢᠳᠬᠡᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠦᠨᠡᠨ ᠠᠴᠠ ᠵᠥᠪ ᠢ ᠡᠷᠢᠬᠦ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠰᠢᠶᠠᠨ ᠤ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠂ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠲᠤᠭ᠎ᠠ ᠪᠦᠷᠢᠳᠬᠡᠯ ᠤᠨ ᠳᠦᠷᠢᠮ ᠪᠣᠯᠣᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠶᠠᠪᠤᠴᠠ ᠶᠢ ᠴᠢᠨᠠᠭᠰᠢᠳᠠ ᠵᠢᠷᠤᠮᠵᠢᠭᠤᠯᠵᠤ᠂ ᠡᠯ᠎ᠡ ᠵᠦᠢᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠵᠤ᠂ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号