5 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 14 | ᠳ᠋ᠦ᠋ᠭᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ᠂ ᠰᠢᠶᠠᠨ ᠤ GDP ᠶᠢᠨ ᠲᠣᠭᠠᠴᠠᠭ᠎ᠠ᠂ ᠭᠤᠷᠪᠠᠳᠣᠭᠠᠷ ᠠᠵᠤ ᠦᠢᠯᠡᠰ ᠤᠨ ᠪᠦᠷᠢᠳᠬᠡᠯ ᠳᠤ | ᠣᠷᠣᠠᠠᠰᠡᠨ ᠪᠠᠶᠢᠳᠠᠯ ᠤᠨ ᠬᠤᠯᠪᠣᠭᠳᠠᠯ ᠪᠦᠬᠦᠢ ᠶᠠᠪᠤᠳᠠᠯ ᠢ ᠰᠣᠨᠣᠰᠴᠤ᠂ ︽ᠪᠦᠬᠦ ᠰᠢᠶᠠᠨ ᠤ ᠣᠷᠴᠢᠨ ᠲᠣᠭᠤᠷᠢᠨ ᠢ | ᠴᠡᠭᠴᠡᠯᠡᠨ ᠰᠠᠶᠢᠵᠢᠷᠠᠭᠤᠯᠬᠤ ᠪᠣᠭᠤᠮᠲᠠ ᠰᠢᠪᠲᠤᠯᠬᠤ ᠰᠠᠷ᠎ᠠ ᠶᠢᠨ ᠠᠵᠢᠯ ᠤᠨ ᠲᠥᠰᠥᠯ︾ ᠢ ᠬᠢᠨᠠᠨ ᠵᠥᠪᠯᠡᠵᠡᠢ᠃ | ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ GDP ᠶᠢᠨ ᠲᠣᠭᠠᠴᠠᠭ᠎ᠠ ᠬᠢᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠭᠡ ᠲᠠᠯ᠎ᠠ ᠶᠢᠨ ᠤᠬᠠᠮᠰᠠᠷ ᠢ ᠪᠤᠶ ᠪᠣᠯᠭᠠᠵᠤ᠂ ᠣᠳᠣᠬᠠᠨ ᠤ | ᠪᠠᠶᠢᠳᠠᠯ ᠢ ᠲᠣᠳᠣᠷᠬᠠᠢ ᠲᠠᠨᠢᠵᠤ᠂ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ | ᠴᠢᠩᠭᠠᠷᠠᠭᠤᠯᠵᠤ᠂ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠤᠨ᠂ ᠲᠤᠰᠬᠠᠢ ᠮᠡᠷᠭᠡᠵᠢᠯ ᠤᠨ ᠲᠤᠭ᠎ᠠ | ᠪᠦᠷᠢᠳᠬᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠂ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠯᠤᠭ᠎ᠠ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠲᠤᠭ᠎ᠠ ᠪᠦᠷᠢᠳᠬᠡᠯ ᠤᠨ ᠠᠵᠢᠯ ᠤᠨ ᠨᠠᠷᠢᠨ | ᠵᠦᠢᠯᠡᠰ ᠢ ᠦᠨᠡᠨ ᠬᠦ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠲᠤᠭ᠎ᠠ ᠪᠠᠷᠢᠮᠲᠠ ᠶᠢᠨ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠡᠨ ᠪᠣᠳᠠᠲᠠᠢ ᠪᠦᠬᠦ ᠲᠠᠯ᠎ᠠ ᠪᠠᠷ ᠴᠠᠭ ᠲᠤᠬᠠᠢ ᠳᠤᠨᠢ | ᠲᠤᠰᠬᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠢᠶᠠᠨ ᠤ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ | ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠪᠦᠬᠦ ᠰᠢᠶᠠᠨ ᠤ ᠣᠷᠴᠢᠨ ᠲᠣᠭᠤᠷᠢᠨ ᠢ ᠴᠡᠭᠴᠡᠯᠡᠨ | ᠰᠠᠶᠢᠵᠢᠷᠠᠭᠤᠯᠬᠤ ᠪᠣᠭᠤᠮᠲᠠ ᠰᠢᠪᠲᠤᠯᠬᠤ ᠰᠠᠷ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠡᠪᠡᠷ ᠲᠡᠭᠰᠢ᠂ ᠡᠮᠬᠢ ᠳᠢᠭᠯᠢᠮ ᠲᠠᠢ | ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ | ᠬᠦᠷᠲᠡᠮᠵᠢ ᠶᠢᠨ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠂ ᠤᠬᠠᠭᠤᠯᠭ᠎ᠠ ᠶᠢᠨ ᠠᠵᠢᠯ ᠢ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠦᠬᠦ ᠶᠠᠪᠤᠴᠠ ᠳᠤ ᠲᠤᠤᠱᠯᠠᠭᠤᠯᠵᠤ᠂ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠢᠯᠡᠳᠲᠡ ᠪᠠᠶᠢᠬᠤ ᠶᠢ ᠶᠡᠬᠡᠪᠡᠷ ᠤᠬᠠᠭᠤᠯᠤᠨ ᠮᠡᠳᠡᠭᠡᠯᠡᠬᠦ ᠶᠢᠨ ᠬᠠᠮᠲᠤ᠂ ᠤᠬᠠᠭᠤᠯᠭ᠎ᠠ ᠪᠠᠷ ᠳᠠᠮᠵᠢᠭᠤᠯᠤᠨ | ᠠᠷᠠᠳ ᠤᠯᠠᠨ ᠤ ᠤᠬᠠᠮᠰᠠᠷᠲᠤ ᠠᠵᠢᠯᠯᠠᠭ᠎ᠠ ᠶᠢ ᠤᠯᠠᠮ ᠨᠢᠭᠡ ᠠᠯᠬᠤᠮ ᠵᠣᠬᠢᠶᠠᠨ ᠪᠠᠶᠢᠭᠤᠯᠤᠨ ᠳᠠᠶᠢᠴᠢᠯᠠᠵᠤ᠂ ᠪᠦᠬᠦ | ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠡᠵᠡᠨ ᠬᠥᠮᠥᠨ ᠤ ᠤᠬᠠᠮᠰᠠᠷ ᠢ ᠪᠤᠢ ᠪᠣᠯᠭᠠᠵᠤ | ᠂ ᠡᠭᠦᠨ ᠤ ᠤᠯᠠᠮ ᠢᠶᠠᠷ ᠪᠦᠬᠦ ᠣᠷᠣᠨ ᠢᠶᠠᠷ ᠢᠶᠠᠨ ᠬᠤᠯᠪᠤᠭᠠᠯᠠᠨ ᠬᠥᠳᠡᠯᠦᠯᠴᠡᠬᠦ᠂ ᠪᠦᠬᠦ ᠠᠷᠠᠳ ᠢᠶᠠᠷ ᠢᠶᠠᠨ | ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | | |