ᠬᠠᠳᠠ ᠮᠠᠨ ᠤ ᠰᠢᠶᠠᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/7
    2023 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠤᠳᠠᠯ ᠦᠭᠡᠢ ᠪᠣᠯᠬᠤ ᠭᠡᠵᠦ ᠪᠠᠶᠢᠨ᠎ᠠ᠂ 6 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠪᠦᠯᠬᠦᠮ ᠳᠠᠭᠠᠭᠤᠯᠤᠨ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃
     ᠬᠠᠳᠠ ᠨᠠᠷ ᠣᠳᠣᠬᠠᠨ ᠤ ᠰᠢᠯᠭᠠᠯᠲᠠ ᠶᠢᠨ ᠭᠠᠵᠠᠷ ᠤᠨ ᠪᠡᠯᠡᠳᠬᠡᠯ᠂ ᠰᠢᠯᠭᠠᠯᠲᠠ ᠶᠢᠨ ᠲᠠᠯᠠᠪᠠᠢ ᠶᠢᠨ ᠪᠠᠶᠢᠷᠢᠯᠠᠭᠤᠯᠤᠯᠲᠠ᠂ ᠰᠢᠯᠭᠠᠭᠤᠯᠤᠭᠴᠢ ᠶᠢᠨ ᠲᠤᠭ᠎ᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠴᠠᠬᠢᠯᠭᠠᠨ ᠬᠦᠴᠦᠨ ᠤ ᠪᠠᠲᠤᠯᠠᠭ᠎ᠠ᠂ ᠵᠠᠮ ᠬᠠᠷᠢᠯᠴᠠᠭ᠎ᠠ᠂ ᠡᠷᠬᠢᠨ ᠲᠣᠭᠤᠷᠢᠨ ᠤ ᠵᠠᠰᠠᠯᠲᠠ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠲᠠᠢ ᠰᠠᠨᠠᠯ ᠢᠶᠠᠨ ᠰᠣᠯᠢᠯᠴᠠᠵᠠᠢ᠃      ᠬᠠᠳᠠ ᠵᠢᠭᠠᠵᠤ ᠭᠠᠷᠭᠠᠭᠰᠠᠨ ᠨᠢ᠂  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠵᠢᠯ ᠨᠢ ᠲᠦᠭ ᠲᠦᠮᠡᠨ ᠠᠶᠢᠯ ᠡᠷᠦᠬᠡ᠂ ᠥᠷᠭᠡᠨ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠴᠤ ᠬᠠᠯᠠᠮᠵᠢᠯᠠᠵᠤ ᠪᠠᠶᠢᠭ᠎ᠠ ᠲᠣᠮᠣ ᠴᠢᠬᠤᠯᠠ ᠶᠠᠪᠤᠳᠠᠯ ᠮᠥᠨ᠃ ᠰᠢᠶᠠᠨ ᠤ ᠡᠯ᠎ᠡ ᠱᠠᠲᠣ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠰᠡᠳᠬᠢᠯ ᠲᠠᠯᠪᠢᠨ ᠪᠣᠭᠤᠮᠲᠠ ᠪᠦᠷᠢ ᠶᠢ ᠠᠳᠬᠤᠵᠤ᠂ ᠠᠵᠢᠯ ᠢ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠢ ᠰᠢᠯᠭᠠᠯᠲᠠ ᠶᠢ ᠪᠠᠲᠤᠯᠠᠬᠤ ᠬᠡᠷᠡᠭᠲᠡᠢ᠂ ᠰᠢᠯᠢᠳᠡᠭ ᠦᠢᠯᠡᠴᠢᠯᠡᠭᠡᠨ ᠤ ᠪᠠᠲᠤᠯᠠᠭ᠎ᠠ ᠶᠢ ᠡᠭᠦᠳᠴᠦ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠯᠭᠠᠭᠤᠯᠤᠭᠰᠠᠳ ᠲᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠳᠠᠯ   ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠶᠤᠯ ᠲᠦᠭᠰᠢᠭᠦᠷᠢ ᠶᠢᠨ ᠪᠠᠶᠢᠴᠠᠭᠠᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ   ᠶᠢ  ᠪᠦᠬᠦ ᠲᠠᠯ᠎ᠠ ᠪᠠᠷ ᠪᠠᠲᠣᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号