︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠴᠠᠩ ᠷᠦᠢ︶ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠤᠨ ᠬᠥᠳᠡᠭᠡ ᠠᠵᠤ ᠠᠬᠤᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠤᠷ᠎ᠠ ᠴᠢᠳᠠᠪᠤᠷᠢ ᠶᠢᠨ ᠲᠠᠯ᠎ᠠ ᠪᠠᠷ ᠬᠢ ᠤᠬᠠᠭᠤᠯᠤᠨ ᠲᠦᠭᠡᠮᠡᠯᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ | ᠲᠠᠷᠢᠶᠠᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ | ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠳᠡᠮᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ | ᠪᠠᠶᠢᠨ᠎ᠠ᠃ | ᠣᠶᠢᠷ᠎ᠠ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠠᠷᠢᠶᠠᠯᠠᠩ ᠤᠨ | ᠵᠢᠮᠢᠰ ᠤᠨ ᠮᠣᠳᠣ ᠳᠠᠷᠢᠬᠤ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ | ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠴᠢᠩ ᠱᠦᠢ ᠾᠧ ᠰᠢᠶᠠᠨ ᠳᠤ ᠬᠦᠷᠴᠦ ᠮᠡᠷᠭᠡᠵᠢᠯ ᠤᠨ | ᠵᠢᠯᠣᠭᠤᠳᠤᠯᠭ᠎ᠠ ᠬᠢᠪᠡ᠃ ᠴᠢᠩ ᠱᠦᠢ ᠾᠧ ᠰᠢᠶᠠᠨ ᠤ ᠯᠠᠮᠠ ᠶᠢᠨ ᠲᠣᠬᠤᠢ ᠪᠠᠯᠭᠠᠰᠤᠨ ᠳᠤ᠂ ᠲᠤᠰᠬᠠᠢ | ᠮᠡᠷᠭᠡᠵᠢᠯᠲᠡᠨ ᠲᠠᠷᠢᠶᠠᠨ ᠭᠠᠵᠠᠷ ᠵᠢᠯᠣᠭᠤᠳᠤᠯᠭ᠎ᠠ ᠬᠢᠬᠦ᠂ ᠪᠣᠳᠠᠲᠠᠢ ᠬᠢᠵᠦ ᠵᠢᠱᠢᠶ᠎ᠡ ᠦᠵᠡᠭᠦᠯᠬᠦ ᠠᠷᠭ᠎ᠠ ᠪᠠᠷ᠂ | ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠲᠣᠰᠬᠤᠨ ᠤ ᠠᠷᠠᠳ ᠲᠤ ᠵᠢᠮᠢᠰ ᠤᠨ ᠮᠣᠳᠣᠨ ᠤ ᠡᠪᠡᠳᠴᠢᠨ | ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠠᠨᠢᠯᠴᠠᠭᠤᠯᠬᠤ ᠶᠢᠨ ᠬᠠᠮᠲᠤ | ᠵᠢᠮᠢᠰ ᠤᠨ ᠮᠣᠳᠣᠨ ᠤ ᠰᠠᠯᠠᠭ᠎ᠠ ᠨᠠᠮᠠᠭ᠎ᠠ ᠶᠢ ᠵᠠᠰᠠᠬᠤ ᠵᠡᠷᠭᠡ ᠦᠢᠯᠡᠳᠪᠦᠷᠢᠯᠡᠯ ᠬᠠᠮᠢᠶᠠᠷᠤᠯᠲᠠ ᠶᠢᠨ ᠮᠡᠷᠭᠡᠵᠢᠯ ᠤᠨ | ᠭᠤᠣᠯᠳᠠᠯᠭ᠎ᠠ ᠶᠢᠨ ᠲᠣᠭᠤᠷᠢᠨ ᠳᠤ ᠲᠣᠰᠬᠤᠨ ᠤ ᠠᠷᠠᠳ ᠲᠤ ᠪᠤᠳᠠᠳᠠᠢ ᠵᠢᠭᠠᠵᠤ ᠨᠠᠷᠢᠨ ᠲᠠᠶᠢᠯᠪᠤᠷᠢᠯᠠᠯᠲᠠ ᠬᠢᠵᠦ᠂ | ᠲᠠᠷᠢᠮᠠᠯ ᠤᠨ ᠮᠡᠷᠭᠡᠵᠢᠯ ᠮᠡᠳᠡᠯᠭᠡ ᠶᠢ ᠲᠦᠭᠡᠮᠡᠯᠵᠢᠭᠦᠯᠵᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ | ᠲᠣᠰᠬᠤᠨ ᠤ ᠠᠷᠠᠳ ᠲᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠳᠡᠮᠵᠢᠬᠦ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠵᠤ ᠡᠭᠦᠨ ᠤ ᠬᠠᠮᠲᠤ ᠯᠠᠮᠠ ᠶᠢᠨ ᠲᠣᠬᠤᠢ ᠪᠠᠯᠭᠠᠰᠤ ᠶᠢᠨ ᠭᠤᠣᠯᠳᠠᠯᠭ᠎ᠠ ᠲᠠᠢ ᠠᠵᠤ | ᠦᠢᠯᠡᠰ ᠲᠠᠢ ᠤᠶᠠᠯᠳᠤᠭᠤᠯᠵᠤ᠂ ᠡᠷᠳᠡᠨᠢ ᠰᠢᠰᠢ᠂ ᠲᠥᠮᠥᠰᠥ᠂ ᠢᠳᠡᠰᠢᠨ ᠤ ᠬᠤᠨᠢ ᠵᠡᠷᠭᠡ ᠶᠢ ᠲᠡᠵᠢᠭᠡᠨ | ᠦᠷᠡᠵᠢᠭᠦᠯᠬᠦ ᠮᠡᠷᠭᠡᠵᠢᠯ ᠤᠨ ᠭᠠᠷ ᠳᠡᠪᠲᠡᠷ ᠪᠣᠯᠣᠨ ︽ᠰᠢᠨᠵᠢᠯᠡᠬᠦ ᠤᠬᠠᠭᠠᠨ ᠮᠡᠷᠭᠡᠵᠢᠯ ᠪᠠ ᠠᠮᠢᠳᠤᠷᠠᠯ︾ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠨᠣᠮ ᠢ 200 ᠭᠠᠷᠤᠢ ᠳᠡᠪᠲᠡᠷ ᠲᠠᠷᠬᠠᠭᠠᠵᠤ᠂ | ᠲᠣᠰᠬᠤᠨ ᠤ ᠠᠷᠠᠳ ᠤᠨ ᠲᠠᠷᠢᠬᠤ ᠮᠡᠷᠭᠡᠵᠢᠯ ᠪᠣᠯᠣᠨ ︽ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ | ᠤᠬᠠᠭᠠᠨ ᠢ ᠬᠡᠷᠡᠭᠯᠡᠬᠦ︾ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠲᠣᠰᠬᠤᠨ ᠤ ᠠᠷᠠᠳ ᠲᠤ 1200 ᠲᠠᠬᠢᠶᠠᠨ | ᠴᠤᠷᠪᠠᠭ᠎ᠠ ᠪᠠ ᠲᠡᠵᠢᠭᠡᠯ ᠪᠣᠷᠳᠤᠭ᠎ᠠ ᠬᠠᠨᠳᠢᠪᠯᠡᠵᠤ᠂ ᠲᠣᠰᠬᠤᠨ ᠤ ᠠᠷᠠᠳ ᠲᠤ ᠲᠡᠵᠢᠭᠡᠨ ᠦᠷᠡᠵᠢᠭᠦᠯᠬᠦ ᠳᠤ | ᠠᠩᠬᠠᠷᠬᠤ ᠵᠦᠢᠯᠡᠰ ᠢ ᠨᠠᠷᠢᠨ ᠨᠢᠮᠪᠠᠢ ᠰᠠᠨᠠᠭᠤᠯᠵᠠᠢ᠃ ᠲᠤᠰᠬᠠᠢ ᠮᠡᠷᠭᠡᠵᠢᠯᠲᠡᠨ ᠨᠢᠭᠡᠳᠦᠭᠡᠷ ᠹᠷᠣᠨᠲ ᠲᠤ ᠢᠷᠡᠵᠦ | ᠮᠡᠷᠭᠡᠵᠢᠯ ᠬᠦᠷᠭᠡᠵᠦ᠂ ᠦᠢᠯᠡᠳᠪᠦᠷᠢᠯᠡᠯ ᠤᠨ ᠡᠳ᠋ ᠪᠣᠳᠠᠰ ᠬᠦᠷᠭᠡᠯ᠎ᠡ᠂ ᠡᠶᠢᠮᠦᠷᠬᠦ ᠠᠵᠢᠯᠯᠠᠭ᠎ᠠ ᠨᠢ ᠪᠣᠳᠠᠲᠠᠢ | ᠦᠢᠯᠡᠳᠪᠦᠷᠢᠯᠡᠯ ᠠᠮᠢᠳᠤᠷᠠᠯ ᠳᠤ ᠣᠶᠢᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠤ ᠠᠰᠢᠭ | ᠬᠦᠷᠲᠡᠭᠡᠬᠦ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠠᠢ ᠭᠡᠵᠦ ᠲᠣᠰᠬᠤᠨ ᠤ ᠠᠷᠠᠳ ᠤᠳ ᠢᠯᠡᠳᠬᠡᠵᠦ ᠪᠠᠶᠢᠯ᠎ᠠ | ᠃ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ | ᠮᠥᠴᠢᠷ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠰᠢᠶᠠᠨ ᠤ ᠬᠡᠪᠴᠢᠶᠡᠨ ᠤ ᠳᠠᠪᠠᠭᠤᠯᠢᠭ ᠡᠬᠢ ᠪᠠᠶᠠᠯᠢᠭ ᠢ | ᠠᠭᠤᠳᠠᠯᠵᠤ᠂ ᠤᠶᠤᠨ ᠤ ᠳᠠᠪᠠᠭᠤᠯᠢᠭ ᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠵᠤ᠂ ᠤᠳᠤ ᠦᠶ᠎ᠡ ᠶᠢᠨ ᠲᠠᠷᠢᠶᠠᠴᠢᠨ ᠢ ᠬᠥᠮᠥᠵᠢᠭᠦᠯᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ |