ᠣᠶᠢᠷ᠎ᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠠᠴᠠ ᠬᠤᠶᠠᠳᠤᠭᠠᠷ ᠪᠦᠯᠦᠭ ᠤᠨ | ᠰᠢᠨ᠎ᠡ ᠶᠢ ᠡᠭᠦᠳᠬᠦ ᠭᠡᠯᠪᠡᠷᠢ ᠶᠢᠨ ᠰᠢᠶᠠᠨ ᠢ ᠪᠠᠶᠢᠭᠤᠯᠬᠤ 93 ᠰᠢᠶᠠᠨ︵ᠬᠤᠲᠠ︶ ᠤ ᠨᠡᠷᠡᠰ ᠢ ᠨᠡᠶᠢᠲᠡᠯᠡᠪᠡ᠂ ᠮᠠᠨ ᠤ | ᠣᠷᠣᠨ ᠤ ᠭᠦᠭᠡᠬᠤᠳᠠ ᠶᠢᠨ ᠬᠤᠷᠢᠨᠭᠡᠷ ᠰᠢᠶᠠᠨ ᠪᠠ ᠤᠯᠠᠭᠠᠨᠬᠠᠳᠠ ᠬᠤᠳᠠ ᠶᠢᠨ ᠪᠠᠭᠠᠷᠢᠨ ᠵᠡᠭᠦᠨ ᠬᠤᠰᠢᠭᠤ ᠲᠣᠰ | ᠲᠣᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠲᠤᠯᠭᠠᠭᠤᠷᠢᠯᠠᠬᠤ | ᠭᠤᠣᠯ ᠰᠡᠳᠦᠪ ᠢᠶᠠᠷ ᠪᠠᠷᠠᠭᠤᠨ ᠬᠡᠰᠡᠭ ᠭᠠᠵᠠᠷ ᠣᠷᠣᠨ ᠤ ᠰᠢᠨ᠎ᠡ ᠶᠢ ᠡᠭᠦᠳᠬᠦ ᠭᠡᠯᠪᠡᠷᠢ ᠶᠢᠨ ᠰᠢᠶᠠᠨ ︵ᠬᠤᠲᠠ︶ | ᠢᠶᠠᠷ ᠰᠣᠩᠭᠤᠭᠳᠠᠭᠰᠠᠨ ᠪᠠᠶᠢᠨ᠎ᠠ᠃ | ᠰᠢᠨ᠎ᠡ ᠶᠢ ᠡᠭᠦᠳᠬᠦ ᠭᠡᠯᠪᠡᠷᠢ ᠶᠢᠨ ᠰᠢᠶᠠᠨ︵ᠬᠤᠲᠠ︶ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠥᠳᠡᠯᠭᠡᠬᠦ ᠬᠦᠴᠦᠨ ᠪᠤᠯᠭᠠᠵᠤ᠂ | ᠰᠢᠨ᠎ᠡ ᠶᠢ ᠡᠭᠦᠳᠬᠦ ᠭᠡᠯᠪᠡᠷᠢ ᠶᠢᠨ ᠬᠤᠲᠠ ᠪᠠ ᠰᠢᠨ᠎ᠡ ᠶᠢ ᠡᠭᠦᠳᠬᠦ ᠭᠡᠯᠪᠡᠷᠢ ᠶᠢᠨ ᠮᠤᠵᠢ ᠣᠷᠣᠨ ᠢ | ᠪᠠᠶᠢᠭᠤᠯᠬᠤ ᠳᠤ ᠢᠯᠡᠳᠲᠡ ᠲᠤᠯᠭᠠᠭᠤᠷᠢᠯᠠᠵᠤ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠭᠦ ᠰᠢᠶᠠᠨ︵ᠬᠤᠲᠠ︶ | ᠪᠣᠯᠣᠨ᠎ᠠ᠃ | ᠲᠤᠰ ᠤᠳᠠᠭ᠎ᠠ ᠰᠣᠩᠭᠤᠭᠳᠠᠭᠰᠠᠨ ᠬᠤᠷᠢᠨᠭᠡᠷ ᠰᠢᠶᠠᠨ ᠪᠣᠯ ᠭᠤᠣᠯᠯᠠᠬᠤ ᠠᠵᠤ ᠦᠢᠯᠡᠰ ᠤᠨ ᠰᠢᠨ᠎ᠡ ᠶᠢ | ᠡᠭᠦᠳᠦᠨ ᠬᠥᠭᠵᠢᠬᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ | ᠬᠠᠷᠠᠯᠲᠠ ᠶᠢᠨ ᠲᠣᠭᠤᠷᠢᠨ ᠳᠤ᠂ ᠢᠯᠡᠳᠲᠡ ᠳᠠᠪᠠᠭᠤᠯᠢᠭ ᠪᠦᠬᠦᠢ ᠰᠦ ᠶᠢᠨ ᠦᠢᠯᠡᠰ ᠪᠣᠯᠣᠨ ᠢᠳᠡᠭᠡᠨ ᠡᠳ᠋ᠰᠢᠭᠦᠯᠦᠨ | ᠪᠤᠯᠪᠠᠰᠤᠷᠠᠭᠤᠯᠬᠤ ᠦᠢᠯᠡᠰ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠠᠴᠢᠯᠠᠭᠰᠠᠨ ᠠᠵᠤ ᠠᠬᠤᠢ᠂ | ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠠᠮᠢᠳᠤ ᠪᠣᠳᠠᠰ ᠡᠮ ᠡᠮᠨᠡᠯᠭᠡ ᠵᠡᠷᠭᠡ ᠰᠢᠨ᠎ᠡ ᠨᠡᠮᠡᠭᠳᠡᠯ ᠤᠨ ᠴᠡᠭ ᠢ | ᠥᠷᠭᠡᠳᠬᠡᠵᠦ᠂ 2025 ᠣᠨ ᠪᠤᠯᠲᠠᠯ᠎ᠠ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠡᠶ᠎ᠡ ᠵᠣᠬᠢᠴᠠᠩᠭᠤᠢ᠂ | ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠳᠡᠭᠡᠭᠰᠢᠯᠡᠭᠰᠡᠨ᠂ ᠬᠤᠲᠠ ᠪᠠᠯᠭᠠᠰᠤᠨ ᠤ ᠴᠢᠳᠠᠪᠬᠢ ᠨᠡᠯᠢᠶᠡᠳ | ᠪᠦᠷᠢᠨ ᠲᠡᠭᠦᠯᠳᠡᠷᠵᠢᠭᠰᠡᠨ᠂ ᠨᠡᠶᠢᠭᠡᠮ ᠤᠨ ᠠᠵᠢᠯ ᠦᠢᠯᠡᠰ ᠪᠦᠭᠦ ᠲᠠᠯ᠎ᠠ ᠪᠠᠷ ᠳᠠᠪᠰᠢᠬᠰᠠᠨ᠂ ᠴᠢᠳᠠᠪᠤᠷᠢᠲᠠᠨ ᠨᠡᠩ | ᠢᠯᠡᠭᠦᠦ ᠲᠥᠪᠯᠡᠷᠡᠭᠰᠡᠨ᠂ ᠰᠢᠨ᠎ᠡ ᠶᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠵᠦ ᠬᠥᠭᠵᠢᠯᠲᠡ ᠶᠢᠨ ᠨᠥᠭᠡᠴᠡ | ᠬᠦᠴᠦᠨ ᠭᠦᠢᠴᠡᠳ ᠪᠠᠶᠢᠬᠤ ᠰᠢᠨ᠎ᠡ ᠶᠢ ᠡᠭᠦᠳᠬᠦ ᠭᠡᠯᠪᠡᠷᠢ ᠶᠢᠨ ᠰᠢᠶᠠᠨ ᠢ ᠪᠦᠲᠦᠭᠡᠨ ᠪᠠᠶᠢᠭᠤᠯᠬᠤ ᠪᠣᠯᠣᠨ᠎ᠠ᠃ | ᠪᠠᠭᠠᠷᠢᠨ ᠵᠡᠭᠦᠨ ᠬᠤᠰᠢᠭᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠦᠰᠢᠭ | ᠪᠣᠯᠭᠠᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠳᠤ ᠬᠦᠴᠦᠨ ᠨᠡᠮᠡᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠢ ᠵᠣᠯᠭᠠᠭᠤᠯᠬᠤ︾ ᠪᠠᠷ ᠭᠤᠣᠯ ᠰᠡᠳᠦᠪ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠬᠦ ᠶᠢ ᠲᠤᠯᠭᠠᠭᠤᠷᠢᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠬᠥᠳᠡᠭᠡ ᠲᠣᠰᠬᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ᠂ | ᠬᠥᠳᠡᠭᠡ ᠲᠣᠰᠬᠤᠨ ᠤ ᠴᠢᠳᠠᠪᠤᠷᠢᠲᠠᠨ ᠤ ᠬᠥᠭᠵᠢᠯ ᠮᠠᠨᠳᠤᠯ᠂ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ᠂ | ᠬᠥᠳᠡᠭᠡ ᠲᠣᠰᠬᠤᠨ ᠤ ᠠᠮᠢ ᠠᠬᠤᠢ ᠶᠢᠨ ᠬᠥᠭᠵᠢᠯ ᠮᠠᠨᠳᠤᠯ ᠢ ᠲᠤᠯᠭᠠᠭᠤᠷᠢᠯᠠᠵᠤ᠂ ᠭᠤᠣᠯᠳᠠᠯᠭ᠎ᠠ ᠲᠠᠢ ᠬᠦᠷᠢᠶ᠎ᠡ | ᠴᠠᠷᠠᠭᠠᠨ ᠳᠤ ᠰᠢᠨ᠎ᠡ ᠶᠢ ᠡᠭᠦᠳᠦᠨ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ | ᠰᠢᠨ᠎ᠡ ᠶᠢ ᠡᠭᠦᠳᠦᠨ ᠦᠢᠯᠡᠰ ᠪᠣᠰᠬᠠᠬᠤ ᠡᠯᠧᠮᠧᠨ᠋ᠲ ᠢ ᠲᠥᠪᠯᠡᠷᠡᠭᠦᠯᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠭᠤᠣᠯᠯᠠᠬᠤ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ | ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠯᠲᠡ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠤᠯᠤᠰ ᠤᠨ ᠲᠠᠰ ᠤᠨ ᠰᠢᠨ᠎ᠡ ᠵᠠᠭᠪᠤᠷ᠂ ᠰᠢᠨ᠎ᠡ | ᠬᠡᠪ ᠳᠠᠭᠤᠷᠢᠶᠠᠯ ᠢ ᠪᠤᠢ ᠪᠣᠯᠭᠠᠨ᠎ᠠ᠃ |