ᠦᠴᠦᠸᠠᠨ ᠰᠢᠶᠠᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠰᠤᠷᠤᠭᠴᠢᠳ ᠤᠨ ᠤᠯᠤᠰ ᠤᠨ ᠨᠢᠭᠡᠲᠣᠯᠲᠠᠢ ᠰᠢᠯᠭᠠᠯᠲᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠦᠨ᠎ᠡ
ᠨᠡᠶᠢᠲᠡᠯᠡᠭᠰᠡᠨ ᠴᠠᠭ᠄
2023/6/9
     6 ᠰᠠᠷ᠎ᠠ ᠶᠢᠨ 7 ᠤ ᠡᠳᠦᠷ ᠪᠣᠯ 2023 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠲᠣᠯᠲᠠᠢ ᠰᠢᠯᠭᠠᠯᠲᠠ ᠶᠢᠨ ᠠᠩᠬᠠᠨ ᠤ ᠡᠳᠦᠷ ᠮᠥᠨ᠂ ᠮᠥᠨ ᠴᠤ ᠥᠷᠭᠡᠨ ᠣᠯᠠᠨ ᠰᠤᠷᠤᠭᠴᠢᠳ ᠤᠨ ᠥᠪᠡᠷ ᠢ ᠪᠠᠨ ᠳᠡᠯᠭᠡᠨ ᠦᠵᠡᠭᠦᠯᠵᠦ᠂ ᠥᠷᠲᠡᠭ ᠢᠶᠠᠨ ᠪᠡᠶᠡᠯᠡᠭᠦᠯᠬᠦ ᠴᠢᠬᠤᠯᠠ ᠴᠠᠭ ᠮᠥᠴᠡ ᠮᠥᠨ᠃ ᠥᠷᠭᠡᠨ ᠤᠯᠠᠨ ᠰᠢᠯᠭᠠᠭᠤᠯᠤᠭᠴᠢ ᠳᠤ ᠲᠠᠭᠠᠯᠠᠮᠵᠢᠲᠠᠢ᠂ ᠲᠣᠭᠲᠠᠭᠤᠨ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠮᠠᠨ ᠤ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠨᠢᠭᠡᠳᠦᠯᠲᠡᠢ ᠲᠥᠯᠥᠪᠵᠢᠭᠦᠯᠵᠦ᠂ ᠢᠳᠡᠪᠬᠢᠲᠡᠢ ᠪᠠᠷ ᠬᠤᠯᠪᠤᠭᠠᠯᠠᠨ ᠬᠥᠳᠡᠯᠦᠯᠴᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠰᠢᠯᠭᠠᠭᠤᠯᠤᠭᠴᠢ ᠳᠤ ᠪᠠᠲᠤᠯᠠᠪᠤᠷᠢ ᠶᠢᠨ ᠦᠢᠯᠡᠴᠢᠯᠡᠭᠡ ᠬᠠᠩᠭᠠᠪᠠ᠃
     ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠲᠣᠯᠲᠠᠢ ᠰᠢᠯᠭᠠᠯᠲᠠ ᠨᠢ ᠥᠷᠭᠡᠨ ᠣᠯᠠᠨ ᠰᠤᠷᠤᠭᠴᠢᠳ ᠪᠠ ᠲᠦᠭ ᠲᠦᠮᠡᠨ ᠠᠶᠢᠯ ᠡᠷᠦᠬᠡ ᠶᠢᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠲᠤᠭ᠎ᠠ ᠲᠣᠮᠰᠢ ᠦᠭᠡᠢ ᠣᠯᠠᠨ ᠬᠥᠮᠥᠰ ᠤᠨ ᠰᠡᠳᠬᠢᠯ ᠢ ᠲᠠᠲᠠᠵᠤ ᠪᠠᠶᠢᠳᠠᠭ᠃ 7 ᠤ ᠡᠳᠦᠷ ᠤᠨ ᠥᠷᠯᠥᠭᠡ᠂ ᠦᠴᠦᠸᠠᠨ ᠰᠢᠶᠠᠨ ᠤ ᠨᠢᠭᠡᠳᠣᠭᠡᠷ ᠳᠤᠮᠳᠠᠳᠤ ᠰᠤᠷᠭᠠᠭᠤᠯᠢ ᠶᠢᠨ ᠭᠠᠳᠠᠨ᠎ᠠ ᠣᠯᠠᠨ ᠬᠥᠮᠥᠨ ᠴᠤᠭᠯᠠᠷᠠᠵᠤ᠂ ᠰᠢᠯᠭᠠᠭᠤᠯᠤᠭᠴᠢᠳ ᠭᠡᠷ ᠤᠨ ᠠᠬᠠᠮᠠᠳ ᠤᠨ ᠪᠠᠷ᠎ᠠ ᠪᠣᠯᠣᠯᠭ᠎ᠠ ᠳᠤ ᠰᠢᠯᠭᠠᠯᠲᠠ ᠶᠢᠨ ᠲᠠᠯᠠᠪᠠᠶ ᠳᠤ ᠡᠮᠬᠢ ᠵᠢᠷᠤᠮ ᠲᠠᠢ ᠣᠷᠣᠵᠤ᠂ ᠬᠥᠮᠥᠨ ᠤ ᠠᠮᠢᠳᠤᠷᠠᠯ ᠤᠨ ᠴᠢᠬᠤᠯᠠ ᠶᠡᠭᠡ ᠰᠢᠯᠭᠠᠯᠲᠠ ᠪᠠᠨ ᠤᠭᠲᠤᠵᠠᠢ᠃ ᠰᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠣᠨᠴᠠ ᠴᠠᠭᠳᠠᠭ᠎ᠠ ᠶᠢᠨ ᠶᠡᠭᠡ ᠠᠩᠭᠢ᠂ ᠬᠤᠲᠠ ᠶᠢᠨ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠵᠢᠯᠴᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠠᠷᠢᠨ ᠨᠢᠮᠪᠠᠢ ᠲᠣᠬᠢᠷᠠᠭᠤᠯᠤᠨ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠪᠠᠲᠤᠯᠠᠭ᠎ᠠ᠂ ᠢᠳᠡᠭᠡᠨ ᠤ ᠠᠮᠤᠷ ᠲᠦᠪᠰᠢᠨ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠰᠢᠯᠭᠠᠯᠲᠠ ᠶᠢ ᠵᠣᠬᠢᠶᠠᠨ ᠪᠠᠶᠢᠭᠤᠯᠬᠤ ᠪᠠ ᠰᠢᠯᠭᠠᠭᠤᠯᠤᠭᠴᠢ ᠳᠤ ᠦᠢᠯᠡᠴᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃
     ᠰᠢᠯᠭᠠᠯᠲᠠ ᠶᠢᠨ ᠲᠠᠯᠠᠪᠤᠷ ᠤᠨ ᠭᠠᠳᠠᠨ᠎ᠠ᠂ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠥᠰ ᠰᠠᠶᠢᠨ ᠳᠤᠷ᠎ᠠ ᠠᠴᠠ ᠪᠠᠨ ᠴᠤᠭᠯᠠᠷᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠮᠲᠤᠪᠠᠷ ᠬᠦᠴᠦᠯᠡᠵᠦ᠂ ᠡᠯ᠎ᠡ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠥᠷᠲᠡᠭᠡ ᠨᠢ ᠰᠢᠯᠭᠠᠭᠤᠯᠤᠭᠴᠢ ᠳᠤ ᠢᠳᠡᠭᠡᠨ᠂ ᠤᠤᠭᠤᠬᠤ ᠤᠰᠤ᠂ ᠪᠢᠴᠢᠭ ᠤᠨ ᠬᠡᠷᠡᠭᠰᠡᠯ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠬᠠᠩᠭᠠᠵᠤ᠂ ᠥᠷᠭᠡᠨ ᠣᠯᠠᠨ ᠰᠢᠯᠭᠠᠭᠤᠯᠤᠭᠴᠢ ᠪᠠ ᠭᠡᠷ ᠤᠨ ᠠᠬᠠᠮᠠᠳ ᠲᠤ ᠬᠠᠯᠠᠭᠤᠨ ᠳᠤᠯᠠᠭᠠᠨ ᠵᠥᠩᠨᠡᠯ ᠳᠡᠪᠰᠢᠭᠦᠯᠵᠡᠢ᠃
           ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠲᠣᠯᠲᠠᠢ ᠰᠢᠯᠭᠠᠯᠲᠠ ᠶᠢᠨ ᠴᠠᠭ ᠮᠥᠴᠡ ᠳᠤ᠂ ᠪᠣᠶ ᠪᠦᠬᠦᠢ ᠰᠢᠯᠭᠠᠭᠤᠯᠤᠭᠴᠢᠳ ᠤᠨ ᠢᠯᠠᠯᠲᠠ ᠣᠯᠬᠤ ᠶᠢ ᠵᠥᠩᠨᠡᠶ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号