ᠦᠴᠦᠸᠠᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠠᠬᠠᠮᠠᠳ ᠨᠠᠮ ᠤᠨ ᠭᠡᠰᠢᠭᠦᠨ ᠳᠤ ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ︾  ᠤᠨ ᠳᠤᠷᠠᠰᠬᠠᠯ ᠤᠨ ᠲᠡᠮᠳᠡᠭ ᠭᠠᠷᠳᠠᠭᠤᠯᠪᠠ
ᠨᠡᠶᠢᠲᠡᠯᠡᠭᠰᠡᠨ ᠴᠠᠭ᠄
2023/7/10
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 5  ᠤ ᠡᠳᠦᠷ᠂ ᠦᠴᠦᠸᠠᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠷᠢᠶ᠎ᠠ ᠡᠯ᠎ᠡ ᠨᠠᠮ ᠤᠨ ᠡᠭᠦᠷ ᠤᠨ ᠬᠠᠷᠢᠭᠤᠴᠠᠯᠭᠠᠲᠠᠨ ᠯᠢ ᡁᠢ ᠫᠢᠩ᠂ ᠯᠠᠨ ᠰᠢᠶᠠ᠂ ᠾᠧ ᠬᠠᠢ ᠰᠢᠶᠠ ᠡᠷᠬᠢᠨ ᠦᠵᠡᠵᠦ ᠲᠣᠬᠤᠨᠢᠭᠤᠯᠬᠤ ᠬᠡᠯᠪᠡᠷᠢ ᠪᠠᠷ ᠮᠠᠨ ᠤ ᠨᠠᠮ ᠤᠨ ᠬᠤᠷᠢᠶᠠᠨ ᠤ ᠨᠠᠮ ᠳᠤ ᠣᠷᠣᠭᠠᠳ 50 ᠵᠢᠯ ᠪᠣᠯᠤᠭᠰᠠᠨ ᠨᠥᠬᠦᠴᠡᠯ ᠳᠤ ᠨᠡᠶᠢᠴᠡᠬᠦ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠭᠡᠷ ᠲᠤ ᠬᠦᠷᠴᠦ ᠡᠷᠬᠢᠨ‌ᠦᠵᠡᠵᠦ᠂ ᠳᠡᠳᠡᠨ ᠳᠤ ︽ ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠭᠠᠷᠳᠠᠭᠤᠯᠵᠠᠢ᠃
     ᠳᠤᠷᠠᠰᠬᠠᠯ ᠤᠨ ᠲᠡᠮᠳᠡᠭ ᠢ ᠲᠠᠷᠬᠠᠭᠠᠬᠤ ᠶᠠᠪᠤᠴᠠ ᠳᠤ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠠᠷ ᠡᠩ ᠲᠡᠷᠢᠭᠦᠨ ᠳᠤ ᠳᠤᠷᠠᠰᠬᠠᠯ ᠤᠨ ᠲᠡᠮᠳᠡᠭ ᠬᠦᠷᠲᠡᠭᠴᠢ ᠳ᠋ᠢᠩ ᠺᠧ ᠴᠢᠶᠠᠩ᠂ ᠶᠠᠨ ᠶᠤᠸᠠᠢ ᠶᠢᠩ᠂ ᠼᠤᠤ ᠿᠢ ᠱᠧᠩ ᠨᠥᠬᠦᠷ ᠲᠤ ᠬᠠᠯᠠᠭᠤᠨ ᠪᠠᠶᠠᠷ ᠬᠦᠷᠭᠡᠵᠡᠢ᠃ ᠲᠡᠳᠡᠨ ᠤ ᠦᠨᠡᠨᠴᠢ ᠰᠢᠳᠤᠷᠭᠤ ᠵᠠᠩ ᠰᠤᠷᠲᠠᠯ ᠪᠣᠯᠣᠨ ᠡᠷᠡᠰ ᠪᠠᠲᠤ ᠢᠲᠡᠭᠡᠯ ᠪᠢᠰᠢᠷᠡᠯ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠬᠦ ᠶᠢᠨ ᠬᠠᠮᠲᠤ᠂ ᠲᠡᠳᠡᠨ ᠤ ᠪᠡᠶ᠎ᠡ ᠮᠠᠬᠠᠪᠤᠳ ᠤᠨ ᠪᠠᠶᠢᠳᠠᠯ ᠪᠣᠯᠣᠨ ᠠᠮᠢᠳᠤᠷᠠᠯ ᠤᠨ ᠣᠶᠢᠷ᠎ᠠ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠪᠡᠶ᠎ᠡ ᠪᠠᠨ ᠰᠠᠶᠢᠲᠤᠷ ᠭᠠᠮᠨᠠᠬᠤ ᠬᠡᠷᠡᠭᠲᠡᠢ ᠭᠡᠵᠦ  ᠵᠠᠬᠢᠨ᠂ ᠠᠬᠠᠮᠠᠳ ᠨᠥᠬᠦᠳ ᠲᠤ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠦᠨᠡᠨᠬᠦ  ᠮᠡᠳᠡᠷᠡᠭᠦᠯᠪᠡ᠃
     ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ︾ ᠭᠡᠬᠦ ᠳᠤᠷᠠᠰᠬᠠᠯ ᠤᠨ ᠲᠡᠮᠳᠡᠭ ᠢ ᠭᠠᠷᠳᠠᠭᠤᠯᠬᠤ ᠪᠠᠷ ᠳᠠᠮᠵᠢᠭᠤᠯᠤᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠵᠠᠯᠠᠭᠤ ᠨᠠᠮ ᠤᠨ ᠭᠡᠰᠢᠭᠦᠨ ᠢ ᠠᠬᠠᠮᠠᠳ ᠨᠠᠮ ᠤᠨ ᠭᠡᠰᠢᠭᠦᠨ ᠤ ᠵᠣᠷᠢᠭ ᠰᠠᠨᠠᠭᠠᠨ ᠤ ᠤᠷᠢᠶᠠᠯᠠᠯ ᠳᠣᠣᠷ᠎ᠠ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠣᠶᠤᠨ ᠰᠠᠨᠠᠭᠠᠨ ᠤ ᠠᠮᠢᠨ ᠰᠤᠳᠠᠰᠤ ᠶᠢ ᠦᠷᠭᠦᠯᠵᠢᠯᠡᠭᠦᠯᠵᠦ᠂ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠣᠷᠢᠭᠵᠢᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号