ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ᠤᠨ ᠡᠬᠢᠯᠡᠯᠲᠡ ᠶᠢᠨ ᠶᠣᠰᠣᠯᠠᠯ ᠵᠢᠴᠢ ᠲᠤᠬᠠᠢ ᠶᠢᠨ ᠲᠠᠯᠠᠪᠤᠷ ᠤᠨ ᠤᠬᠠᠭᠤᠯᠭ᠎ᠠ ᠯᠠᠪᠯᠠᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/10
     ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠯᠭᠡ ᠶᠢ ᠤᠯᠠᠮ ᠨᠢᠭᠡ ᠠᠯᠬᠤᠮ  ᠲᠦᠭᠡᠮᠡᠯᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ ᠬᠠᠮᠠᠭᠠᠯᠠᠬᠤ᠂ ᠬᠡᠷᠡᠭᠯᠡᠬᠦ ᠶᠢ ᠴᠢᠩᠭᠠᠷᠠᠭᠤᠯᠬᠤ ᠡᠯ᠎ᠡ ᠵᠦᠢᠯ ᠤᠨ ᠠᠵᠢᠯ ᠢ ᠢᠳᠡᠪᠬᠢᠲᠡᠢ ᠰᠠᠶᠢᠲᠤᠷ ᠬᠢᠬᠦ ᠶᠢᠨ ᠲᠦᠯᠦᠭᠡ᠂ 7 ᠰᠠᠷ᠎ᠠ ᠶᠢᠨ 7 ᠤ ᠡᠳᠦᠷ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠴᠦᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ 2023 ᠣᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠲᠤᠬᠠᠢ ᠶᠢᠨ ᠲᠠᠯᠠᠪᠤᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ  ᠃
     ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠬᠦ︾ ᠪᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠲᠠᠯᠠᠪᠤᠷ ᠤᠨ ᠠᠵᠢᠯᠲᠠᠳ ᠤᠬᠠᠭᠤᠯᠭ᠎ᠠ ᠶᠢᠨ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠮᠠᠲ᠋ᠧᠷᠢᠶᠠᠯ ᠤᠨ ᠭᠠᠷ ᠳᠡᠪᠲᠡᠷ ᠲᠠᠷᠬᠠᠭᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠳᠡᠯᠭᠡᠨ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ᠂ ᠣᠶᠢᠷ᠎ᠠ ᠬᠠᠪᠢ ᠶᠢᠨ ᠬᠤᠳᠠᠯᠳᠤᠭᠠᠨ ᠤ ᠳᠡᠯᠭᠡᠭᠦᠷ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠥᠷᠭᠡᠨ ᠣᠯᠠᠨ ᠲᠦᠮᠡᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠶᠢ ᠳᠡᠭᠡᠭᠰᠢᠯᠡᠭᠦᠯᠪᠡ᠃
     ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠡᠳᠬᠢᠴᠡ ᠪᠠ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠭᠦᠨᠴᠡ ᠪᠠ ᠥᠷᠭᠡᠴᠡ ᠶᠢᠨ ᠲᠠᠯ᠎ᠠ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠮᠠᠨ ᠤ ᠰᠢᠶᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠦᠴᠦᠸᠠᠨ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃                            ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号