ᠸᠠᠩ ᠯᠢ ᠰᠢᠶᠠ ᠴᠤᠭᠯᠠᠭᠠᠨ ᠡᠬᠢᠯᠡᠭᠰᠡᠨ ᠢ ᠵᠠᠷᠯᠠᠪᠠ | 7 ᠰᠠᠷ᠎ᠠ ᠶᠢᠨ 8 ᠤ ᠣᠷᠣᠢ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠲᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ ᠣᠷᠣᠯᠴᠠᠪᠠ᠃ | | | | | | | 20 ᠴᠠᠭ 30 ᠮᠢᠨᠦ᠋ᠲ ᠲᠤ ᠡᠭᠢᠯᠡᠯᠲᠡ ᠶᠢᠨ ᠶᠣᠰᠣᠯᠠᠯ ᠡᠬᠢᠯᠡᠵᠦ᠂ 12 ᠠᠶᠢᠮᠠᠭ ᠬᠤᠳᠠ ᠶᠢᠨ ᠪᠡᠶ᠎ᠡ ᠶᠢᠨ | ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠠᠭᠤᠯᠠᠨ ᠪᠥᠵᠢᠭᠯᠡᠵᠦ ᠬᠤᠷᠠᠯ ᠤᠨ ᠲᠠᠯᠠᠪᠠᠢ ᠳᠤ ᠠᠯᠬᠤᠨ ᠣᠷᠣᠵᠤ | ᠢᠷᠡᠬᠦ ᠳᠤ ᠠᠯᠠᠭ᠎ᠠ ᠲᠡᠰᠢᠯᠲᠡ ᠶᠢᠨ ᠲᠠᠭᠤᠨ ᠪᠠ ᠤᠤᠬᠠᠶᠢᠯᠠᠯ ᠬᠠᠰᠬᠢᠷᠤᠯ ᠲᠠᠯᠠᠪᠠᠢ ᠳᠦᠭᠦᠷᠡᠩ ᠴᠠᠯᠭᠢᠯᠠᠯ᠎ᠠ᠃ | ᠳᠠᠷᠠᠭ᠎ᠠ ᠨᠢ ᠨᠢᠭᠡᠨ ᠲᠠᠯᠠᠪᠠᠢ ᠭᠤᠶᠢᠳᠠ ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠲᠣᠬᠯᠠᠯᠲᠠ ᠪᠠᠷ ᠴᠤᠭᠯᠠᠭᠠᠨ ᠤ | ᠬᠥᠰᠢᠭᠡ ᠶᠢ ᠰᠡᠬᠦᠵᠦ᠂︽ᠮᠠᠭᠲᠠᠭᠠᠯ ᠳᠠᠭᠤᠤ ᠪᠠᠨ ᠳᠠᠬᠢᠨᠲᠠ ᠳᠠᠭᠤᠯᠠᠵᠤ ᠨᠠᠮ ᠳᠠᠭᠠᠨ ᠡᠷᠭᠦᠨᠡᠮ︾᠂ ︽ᠮᠢᠩᠭᠠᠨ | ᠭᠠᠵᠠᠷ ᠤᠨ ᠲᠠᠯ᠎ᠠ ᠨᠤᠲᠤᠭ ᠦᠵᠡᠰᠭᠦᠯᠡᠩ ᠰᠠᠶᠢᠬᠠᠨ︾᠂ ︽ᠲᠠᠩᠰᠤᠭ ᠰᠠᠶᠢᠬᠠᠨ ᠦᠨᠳᠦᠰᠦᠲᠡᠨ ᠤ ᠵᠠᠩ ᠵᠠᠩᠰᠢᠯ︾᠂ | ︽ᠴᠠᠭ ᠦᠶ᠎ᠡ ᠳᠤ ᠣᠰᠣᠯᠳᠠᠯ ᠦᠭᠡᠢ ᠳᠠᠷᠪᠠᠭᠤᠯ ᠬᠡᠶᠢᠰᠬᠡᠨ ᠤᠷᠤᠭᠰᠢᠯᠠᠨᠠᠮ︾᠂ ︽ᠪᠦᠯᠬᠦᠮᠳᠡᠨ ᠲᠡᠮᠡᠴᠡᠵᠦ | ᠢᠷᠡᠭᠡᠳᠦᠢ ᠵᠦᠭ ᠤᠷᠤᠭᠰᠢᠯᠠᠨᠠᠮ︾ᠭᠡᠬᠦ ᠲᠠᠪᠤᠨ ᠪᠦᠯᠦᠭ ᠢᠶᠠᠷ ᠳᠠᠮᠵᠢᠭᠤᠯᠤᠨ ᠰᠦᠷᠯᠢᠭ ᠰᠠᠶᠢᠬᠠᠨ᠂ ᠡᠶᠡᠪᠡᠷᠭᠦᠦ | ᠰᠠᠶᠢᠬᠠᠨ᠂ ᠰᠠᠶᠢᠨ ᠰᠠᠶᠢᠬᠠᠨ ᠥᠪᠥᠷ ᠮᠣᠩᠭᠤᠯ ᠢ ᠬᠠᠷᠠᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠤ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠢ 1985 ᠣᠨ ᠠᠴᠠ ᠣᠳᠣ ᠪᠤᠯᠲᠠᠯ᠎ᠠ ᠨᠢᠭᠡᠨᠲᠡ 9 ᠬᠤᠭᠤᠴᠠᠭ᠎ᠠ ᠠᠮᠵᠢᠯᠲᠠ ᠲᠠᠢ ᠡᠷᠭᠢᠯᠡᠪᠡ᠃ ᠲᠣᠰ | ᠬᠤᠭᠤᠴᠠᠭᠠᠨ ᠤ ᠴᠤᠭᠯᠠᠭᠠᠨ ᠨᠢ︽ᠦᠵᠡᠰᠬᠦᠯᠡᠩᠲᠦ ᠰᠠᠶᠢᠬᠠᠨ ᠥᠨᠢᠷ ᠪᠠᠶᠠᠯᠢᠭ ᠤᠯᠠᠭᠠᠨᠴᠠᠪ· ᠡᠶ᠎ᠡ ᠵᠣᠬᠢᠴᠠᠯᠳᠤ | ᠦᠨᠳᠦᠰᠦᠲᠡᠨ ᠤ ᠦᠪᠡᠳᠡᠭᠰᠢ ᠴᠤᠭᠯᠠᠭᠠᠨ︾ ᠢᠶᠠᠷ ᠭᠤᠣᠯ ᠰᠡᠳᠦᠪ ᠢᠶᠠᠨ ᠪᠤᠯᠭᠠᠵᠤ᠂ 6 ᠡᠳᠦᠷ ᠤᠨ | ᠬᠤᠭᠤᠴᠠᠭ᠎ᠠ ᠲᠠᠢ ᠶᠠᠪᠤᠭᠳᠠᠨ᠎ᠠ᠃ ᠪᠦᠭᠡ ᠪᠠᠷᠢᠯᠳᠤᠬᠤ᠂ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠰᠤᠷ ᠬᠠᠷᠪᠤᠯᠲᠠ᠂ | ᠪᠢᠯᠠᠭᠤ ᠵᠡᠷᠭᠡ 15 ᠤᠷᠤᠯᠳᠤᠭᠠᠨ ᠤ ᠲᠥᠷᠥᠯ ᠵᠦᠢᠯ ᠪᠠ ᠮᠣᠩᠭᠤᠯ ᠭᠡᠷ ᠪᠠᠷᠢᠬᠤ᠂ ᠲᠡᠮᠡᠭᠡᠨ ᠪᠥᠮᠪᠦᠭᠡ᠂ ᠱᠠᠭ᠎ᠠ᠂ | ᠪᠤᠶᠢᠺᠤ ᠵᠡᠷᠭᠡ 4 ᠲᠣᠬᠯᠠᠯᠲᠠ ᠶᠢᠨ ᠲᠥᠷᠥᠯ ᠵᠦᠢᠯ ᠢ ᠲᠣᠬᠢᠷᠠᠭᠤᠯᠵᠤ᠂ ᠪᠦᠭᠦ ᠣᠷᠣᠨ ᠤ 12 ᠠᠶᠢᠮᠠᠭ ᠬᠤᠲᠠ ᠶᠢᠨ | 1700 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠡᠨᠡ ᠬᠤᠭᠤᠴᠠᠭᠠᠨ ᠳᠤ ᠪᠠᠰᠠ ᠦᠨᠳᠦᠰᠦᠲᠡᠨ ᠤ | ᠬᠠᠮᠲᠤ ᠶᠢᠨ ᠨᠠᠶᠢᠷ ᠪᠠ ᠵᠢᠭᠤᠯᠴᠢᠯᠠᠯ ᠤᠨ ᠨᠠᠭᠠᠳᠤᠮ ᠤᠨ ᠠᠵᠢᠯᠯᠠᠭ᠎ᠠ ᠥᠷᠨᠢᠭᠦᠯᠬᠦ ᠪᠣᠯᠣᠨ᠎ᠠ᠃ | | |