ᠭᠦᠭᠡᠬᠤᠲᠠ 920 ᠭᠠᠷᠤᠢ ᠡᠮᠴᠢᠯᠡᠭᠡᠨ ᠤ ᠪᠠᠶᠢᠭᠤᠯᠤᠮᠵᠢ ᠶᠢ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠦᠪᠵᠢᠭᠦᠯᠭᠡ ᠳᠤ ᠣᠷᠣᠭᠤᠯᠪᠠ
ᠨᠡᠶᠢᠲᠡᠯᠡᠭᠰᠡᠨ ᠴᠠᠭ᠄
2023/7/10
     ᠲᠦᠷᠦᠭᠦᠬᠡᠨ᠂ ᠰᠤᠷᠪᠤᠯᠵᠢᠯᠠᠬᠴᠢ ᠭᠦᠭᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠲᠠ ᠪᠠᠰᠠ ᠬᠤᠶᠠᠳᠤᠭᠠᠷ ᠳᠡᠰ ᠠᠴᠠ ᠳᠣᠷᠣᠭᠰᠢᠬᠢ 920 ᠭᠠᠷᠤᠢ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠦᠪᠵᠢᠭᠦᠯᠭᠡ ᠳᠤ ᠣᠷᠣᠭᠤᠯᠵᠤ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠪᠠᠯ ᠳᠠᠷᠤᠢ ᠲᠣᠰ ᠬᠤᠲᠠ ᠶᠢᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠵᠢᠭᠦᠯᠬᠦ ᠬᠠᠷᠠᠭᠠᠯᠵᠠᠯ ᠢ ᠭᠦᠷᠳᠡᠭᠦ ᠪᠣᠯᠣᠨ᠎ᠠ᠃      ᠲᠠᠨᠢᠯᠴᠠᠭᠤᠯᠭ᠎ᠠ ᠶᠢ ᠦᠨᠳᠦᠰᠦᠯᠡᠪᠡᠯ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠷᠠᠳ ᠲᠤ ᠲᠥᠭᠦᠮ ᠦᠵᠡᠭᠦᠯᠭᠦ ᠦᠢᠯᠡᠳᠦᠯ ᠢ ᠪᠠᠳᠠᠷᠠᠭᠤᠯᠤᠨ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠲᠥᠭᠦᠮ ᠦᠵᠡᠭᠦᠯᠵᠦ᠂ ︽ᠬᠥᠩᠭᠡᠪᠲᠦᠷ ᠡᠪᠡᠳᠴᠢᠨ ᠢ ᠨᠡᠶᠢᠭᠡᠮ ᠲᠣᠭᠤᠷᠢᠭ ᠲᠠᠭᠠᠨ ᠡᠷᠡᠭᠦᠯᠵᠢᠭᠦᠯᠬᠦ︾ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 1   ᠤ ᠡᠳᠦᠷ ᠠᠴᠠ ᠡᠬᠢᠯᠡᠨ᠂ ᠭᠦᠭᠡᠬᠤᠲᠠ ᠶᠢᠨ 920 ᠭᠠᠷᠤᠢ ᠦᠨᠳᠦᠰᠦᠨ ᠱᠠᠲᠤᠨ ᠤ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠦᠢᠯᠡᠴᠢᠯᠡᠭᠡᠨ ᠤ ᠥᠷᠲᠡᠭᠡ᠂ ᠡᠷᠡᠭᠦᠯ ᠬᠠᠮᠠᠭᠠᠯᠠᠯ ᠤᠨ ᠬᠤᠷᠢᠶ᠎ᠠ᠂ ᠠᠮᠠᠨ ᠬᠥᠨᠳᠡᠢ ᠶᠢᠨ ᠡᠮᠴᠢᠯᠡᠭᠡᠨ ᠤ ᠪᠠᠶᠢᠭᠤᠯᠤᠮᠵᠢ ᠵᠡᠷᠭᠡ︶ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠵᠢᠭᠦᠯᠵᠦ ᠲᠡᠰᠦᠯᠦᠨ ᠪᠤᠳᠤᠬᠤ ᠲᠤᠬᠠᠶᠢᠯᠠᠭᠰᠠᠨ ᠠᠵᠢᠯ ᠢ ᠭᠤᠶᠤᠴᠢᠯᠠᠵᠤ ᠪᠣᠯᠣᠨ᠎ᠠ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠪᠠᠯ ᠳᠠᠷᠤᠢ ᠲᠣᠰ ᠬᠤᠲᠠ ᠶᠢᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠵᠢᠭᠦᠯᠬᠦ ᠬᠠᠷᠠᠭᠠᠯᠵᠠᠯ ᠢ ᠬᠦᠷᠲᠡᠵᠦ ᠪᠣᠯᠣᠨ᠎ᠠ᠃      ᠲᠣᠰ ᠤᠳᠠᠭ᠎ᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠦᠪᠵᠢᠭᠦᠯᠭᠡ ᠳᠤ ᠣᠷᠣᠭᠤᠯᠤᠭᠰᠠᠨ ᠤ ᠳᠠᠷᠠᠭ᠎ᠠ᠂ ᠭᠦᠭᠡᠬᠤᠲᠠ ᠳᠤ ᠨᠡᠶᠢᠲᠡ 3000 ᠭᠠᠷᠤᠢ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠵᠢᠭᠦᠯᠦᠨ ᠲᠡᠰᠦᠯᠦᠨ ᠪᠤᠳᠤᠬᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号