ᠪᠡᠭᠡᠵᠢᠩ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠣᠬᠤ ᠲᠥᠪ ᠭᠠᠵᠠᠷ ᠤᠨ 7 ᠳ᠋ᠣᠭᠠᠷ ᠰᠠᠷ᠎ᠠ | ᠶᠢᠨ 5 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠣᠯᠠᠨ | ᠭᠠᠵᠠᠷ ᠲᠤ ᠰᠠᠮᠵᠠ ᠶᠢᠨ ᠪᠣᠳᠣ ᠡᠪᠡᠳᠴᠢᠨ ᠳᠡᠯᠬᠡᠷᠡᠵᠦ ᠪᠠᠶᠢᠭ᠎ᠠ ᠶᠤᠮ ᠪᠠᠶᠢᠨ᠎ᠠ᠃ | ᠰᠠᠮᠵᠠ ᠶᠢᠨ ᠪᠣᠳᠣ ᠡᠪᠡᠳᠴᠢᠨ ᠪᠣᠯ ᠸᠢᠷᠦ᠋ᠰ ᠠᠴᠠ ᠪᠣᠯᠣᠭᠰᠠᠨ ᠬᠥᠮᠥᠨ ᠠᠮᠢᠳᠠᠨ ᠳᠤ ᠪᠦᠷ | ᠬᠠᠯᠳᠠᠪᠤᠷᠢᠯᠠᠳᠠᠭ ᠡᠪᠡᠳᠴᠢᠨ ᠶᠤᠮ᠃ ᠥᠩᠭᠡᠷᠡᠭᠰᠡᠨ ᠳᠤ ᠰᠠᠮᠵᠠ ᠶᠢᠨ ᠪᠣᠳᠣ ᠭᠤᠣᠯᠳᠠᠭᠤ ᠳᠤᠮᠳᠠᠳᠤ ᠠᠹᠷᠢᠺᠠ ᠪᠠ | ᠪᠠᠷᠠᠭᠤᠨ ᠠᠹᠷᠢᠺᠠ ᠶᠢᠨ ᠭᠠᠵᠠᠷ ᠣᠷᠣᠨ ᠢᠶᠠᠷ ᠳᠡᠯᠭᠡᠷᠡᠵᠦ ᠪᠠᠶᠢᠵᠠᠢ᠃ ᠣᠳᠣᠬᠠᠨ ᠳᠤ ᠪᠥᠬᠦ ᠳᠡᠯᠡᠬᠡᠢ ᠳᠤ ᠨᠢᠭᠡᠨᠲᠡ | 112 ᠤᠯᠤᠰ ᠣᠷᠣᠨ ᠳᠤ ᠡᠨᠡ ᠡᠪᠡᠳᠴᠢᠨ ᠤ ᠸᠢᠷᠦ᠋ᠰ ᠢ ᠢᠯᠡᠷᠡᠭᠦᠯᠵᠦ᠂ ᠭᠤᠤᠯᠳᠠᠭᠤ ᠡᠷᠡᠴᠤᠳ ᠤᠨ | ᠬᠤᠭᠤᠷᠤᠨᠳᠣᠬᠢ ᠪᠡᠯᠬᠡ ᠶᠢᠨ ᠠᠵᠢᠯᠯᠠᠭ᠎ᠠ ᠪᠠᠷ ᠳᠠᠮᠵᠢᠨ ᠬᠠᠯᠳᠠᠪᠤᠷᠢᠯᠠᠳᠠᠭ ᠪᠠᠶᠢᠨ᠎ᠠ᠃ | ᠬᠥᠮᠥᠨ ᠲᠥᠷᠥᠯᠬᠢᠲᠡᠨ ᠪᠠᠰᠠ ᠸᠢᠷᠦ᠋ᠰ ᠲᠠᠢ ᠠᠮᠢᠲᠠᠨ ᠤ ᠠᠮᠢᠰᠬᠤᠯ ᠤᠨ ᠵᠠᠮ ᠤᠨ ᠰᠢᠭᠦᠷᠡᠰᠦ᠂ ᠴᠢᠰᠤ᠂ | ᠪᠡᠶ᠎ᠡ ᠶᠢᠨ ᠰᠢᠩᠭᠡᠨ ᠲᠠᠢ ᠬᠦᠷᠦᠯᠴᠡᠬᠦ᠂ ᠡᠰᠡᠬᠦᠯ᠎ᠡ ᠸᠢᠷᠦ᠋ᠰ ᠲᠤ ᠬᠠᠯᠳᠠᠪᠤᠷᠢᠯᠠᠭᠳᠠᠭᠰᠠᠨ ᠠᠮᠢᠲᠠᠨ ᠳᠤ ᠬᠠᠵᠠᠭᠳᠠᠬᠤ᠂ | ᠮᠠᠭᠠᠵᠢᠭᠳᠠᠬᠤ ᠪᠠᠷ ᠳᠠᠮᠵᠢᠨ ᠰᠠᠮᠵᠠ ᠶᠢᠨ ᠪᠣᠳᠣ ᠡᠪᠡᠳᠴᠢᠨ ᠳᠤ ᠬᠠᠯᠳᠠᠪᠤᠷᠢᠯᠠᠭᠳᠠᠳᠠᠭ᠃ | ᠬᠥᠮᠥᠨ ᠬᠥᠮᠥᠨ ᠤ ᠬᠤᠭᠤᠷᠣᠨᠳᠤ ᠭᠤᠣᠯᠳᠠᠭᠤ ᠨᠢᠭᠲᠠ ᠣᠶᠢᠷᠠᠳᠣᠬᠤ ᠪᠠᠷ ᠳᠠᠮᠵᠢᠨ ᠳᠡᠯᠭᠡᠷᠡᠳᠡᠭ᠂ ᠪᠠᠰᠠ | ᠤᠷᠲᠤ ᠬᠤᠭᠤᠴᠠᠭ᠎ᠠ ᠪᠠᠷ ᠬᠠᠪᠢᠳᠠᠬᠰᠠᠨ ᠦᠶᠡᠰ ᠨᠢᠰᠦ ᠨᠢᠯᠪᠤᠰᠦ ᠪᠠᠷ ᠳᠠᠮᠵᠢᠨ ᠲᠠᠷᠬᠠᠳᠠᠭ ᠪᠠᠶᠢᠨ᠎ᠠ᠃ | ᠡᠨᠡ ᠡᠪᠡᠳᠴᠢᠨ ᠤ ᠨᠢᠭᠤᠭᠳᠠᠮᠠᠯ ᠬᠤᠭᠤᠴᠠᠭ᠎ᠠ ᠨᠢ ᠶᠡᠷᠦ ᠳᠡᠭᠡᠨ 6 ᠠᠴᠠ 13 ᠬᠤᠨᠤᠭ᠂ ᠬᠠᠮᠤᠭ ᠤᠨ | ᠤᠷᠳᠦ ᠳᠠᠭᠠᠨ 21 ᠬᠤᠨᠤᠭ ᠪᠠᠶᠢᠳᠠᠭ᠃ ᠬᠠᠯᠳᠠᠪᠤᠷᠢ ᠠᠪᠤᠪᠠᠯ ᠬᠠᠯᠠᠭᠤᠷᠠᠬᠤ᠂ ᠲᠣᠯᠣᠭᠠᠢ ᠡᠪᠡᠳᠬᠦ ᠪᠠ ᠯᠢᠮᠪᠠ | ᠶᠢᠨ ᠪᠤᠯᠴᠢᠷᠬᠠᠢ ᠬᠠᠪᠤᠳᠴᠤ ᠲᠣᠮᠣᠷᠠᠬᠤ ᠵᠡᠷᠭᠡ ᠢᠯᠡᠷᠡᠯ ᠭᠠᠷᠳᠠᠭ᠃ | ᠣᠳᠣᠬᠠᠨ ᠳᠤ ᠤᠯᠤᠰ ᠤᠨ ᠳᠣᠲᠣᠭᠠᠳᠤ ᠳᠤ ᠰᠠᠮᠵᠠ ᠶᠢᠨ ᠪᠣᠳᠣ ᠡᠪᠡᠳᠴᠢᠨ ᠤ ᠸᠢᠷᠦ᠋ᠰ ᠢ ᠳᠠᠷᠤᠬᠤ | ᠣᠨᠴᠠᠭᠠᠶ ᠡᠮ ᠲᠠᠩ ᠪᠠᠶᠢᠬᠤ ᠦᠭᠡᠢ᠂ ᠣᠯᠠᠩᠬᠢ ᠪᠠᠶᠢᠳᠠᠯ ᠳᠤ ᠡᠪᠡᠳᠴᠢᠨ ᠤ ᠢᠯᠡᠷᠡᠯ ᠨᠢ 2 ᠠᠴᠠ 4 ᠭᠠᠷᠠᠭ ᠤᠨ | ᠳᠣᠲᠣᠷ᠎ᠠ ᠠᠶᠠᠨᠳᠠᠭᠠᠨ ᠨᠠᠮᠳᠠᠳᠠᠭ ᠶᠤᠮ ᠪᠠᠶᠢᠨ᠎ᠠ᠃ | ᠰᠡᠷᠬᠡᠶᠢᠯᠡᠬᠦ ᠳᠠᠯ᠎ᠠ ᠪᠠᠷ᠂ ᠡᠶᠢᠮᠦ ᠡᠪᠡᠳᠴᠢᠨ ᠳᠡᠯᠭᠡᠷᠡᠭᠰᠡᠨ ᠤᠯᠤᠰ ᠲᠤ ᠬᠡᠭᠡᠷ᠎ᠡ ᠶᠢᠨ ᠠᠮᠢᠲᠠᠨ ᠲᠠᠢ | ᠰᠢᠭᠤᠳ ᠣᠶᠢᠷᠠᠲᠤᠬᠤ ᠠᠴᠠ ᠵᠠᠶᠢᠯᠠᠰᠬᠢᠬᠦ ᠬᠡᠷᠡᠭᠲᠡᠢ᠃ ᠲᠤᠬᠠᠢ ᠶᠢᠨ ᠭᠠᠵᠠᠷ ᠤᠨ ᠠᠮᠢᠲᠠᠨ ᠢ ᠪᠠᠷᠢᠬᠤ᠂ ᠠᠯᠠᠵᠤ | ᠨᠢᠲᠤᠯᠬᠤ᠂ ᠲᠦᠭᠦᠬᠡᠢ ᠪᠠᠷ ᠢᠳᠡᠬᠦ ᠶᠢ ᠴᠡᠭᠡᠷᠯᠡᠬᠦ ᠬᠡᠷᠡᠭᠲᠡᠢ᠃ ᠪᠠᠰᠠ ᠠᠷᠢᠭᠤᠨ ᠴᠡᠪᠡᠷ ᠤᠨ ᠰᠠᠶᠢᠨ ᠳᠠᠳᠬᠠᠯ ᠲᠠᠢ | ᠪᠠᠶᠢᠵᠦ᠂ ᠭᠠᠷ ᠢᠶᠠᠨ ᠦᠷᠭᠦᠯᠵᠢ ᠠᠷᠢᠭᠤᠳᠬᠠᠵᠤ ᠴᠡᠪᠡᠷᠯᠡᠬᠦ ᠬᠡᠷᠡᠭᠲᠡᠢ᠃ |