ᠡᠶᠢᠮᠦ ᠤᠲᠠᠰᠤ ᠲᠠᠨ ᠲᠠᠢ ᠬᠤᠯᠪᠣᠭᠳᠠᠪᠠᠯ ᠲᠣᠰᠴᠤ ᠪᠠᠶᠢᠭᠠᠷᠠᠢ︕
ᠨᠡᠶᠢᠲᠡᠯᠡᠭᠰᠡᠨ ᠴᠠᠭ᠄
2023/7/10
     95120 ᠪᠦᠬᠦ ᠤᠯᠤᠰ ᠤᠨ ᠣᠳᠠᠰᠦ ᠪᠠᠷ ᠰᠣᠷᠪᠤᠯᠵᠢᠯᠠᠬᠤ ᠰᠢᠰᠲ᠋ᠧᠮ ᠢ 2023 ᠣᠨ ᠤ 6 ᠳ᠋ᠣᠭᠠᠷ ᠰᠠᠷ᠎ᠠ ᠶᠢᠨ 26 ᠤ ᠡᠳᠦᠷ ᠠᠴᠠ ᠡᠬᠢᠯᠡᠨ ᠪᠦᠬᠦ ᠤᠯᠤᠰ ᠤᠨ ᠡᠯ᠎ᠡ ᠱᠠᠲᠤᠨ ᠤ ᠡᠪᠡᠳᠴᠢᠨ ᠬᠢᠵᠢᠭ ᠢ ᠰᠡᠷᠭᠡᠶᠢᠯᠡᠨ ᠳᠠᠷᠣᠬᠤ ᠪᠠᠶᠢᠭᠤᠯᠤᠮᠵᠢ ᠶᠢᠨ ᠬᠢᠨ ᠠᠯᠪᠠᠨ ᠶᠤᠰᠤᠭᠠᠷ ᠡᠬᠢᠯᠡᠨ ᠬᠡᠷᠡᠭᠯᠡᠪᠡ᠃ ᠰᠢᠰᠲ᠋ᠧᠮ ᠨᠢ ᠨᠢᠭᠡᠳᠦᠯᠲᠡᠢ ᠭᠠᠳᠠᠭᠠᠳᠤ ᠳᠠᠭᠤᠳᠠᠯᠭ᠎ᠠ ᠶᠢᠨ ᠨᠣᠮᠧᠷ᠂ AI ᠣᠶᠣᠨᠯᠢᠭ ᠭᠠᠳᠠᠭᠠᠳᠤ ᠳᠠᠭᠤᠳᠠᠯᠭ᠎ᠠ᠂ ᠤᠲᠠᠰᠤ ᠪᠠᠷ ᠰᠠᠨᠠᠭᠤᠯᠬᠤ ᠪᠠ ᠣᠳᠠᠰᠣᠨ ᠤ ᠣᠬᠤᠷ ᠮᠡᠳᠡᠭᠡ᠂ ᠣᠯᠠᠨ ᠳᠠᠯ᠎ᠠ ᠶᠢᠨ ᠬᠡᠷᠡᠭᠯᠡᠯᠲᠡ ᠵᠡᠷᠭᠡ ᠦᠢᠯᠡᠳᠦᠯ ᠴᠢᠳᠠᠪᠬᠢ ᠲᠠᠢ ᠮᠥᠷᠲᠡᠭᠡᠨ 24 ᠴᠠᠭ ᠢᠶᠠᠷ ᠣᠯᠠᠨ ᠲᠠᠯᠠᠪᠤᠷ ᠲᠤ ᠣᠳᠠᠰᠦ ᠪᠠᠷ ᠬᠤᠯᠪᠤᠬᠳᠠᠵᠦ ᠠᠵᠢᠯᠯᠠᠬᠤ ᠴᠢᠳᠠᠮᠵᠢ ᠲᠠᠢ ᠪᠣᠯᠬᠤᠷ ᠦᠨᠳᠦᠰᠦᠨ ᠱᠠᠲᠤᠨ ᠤ ᠭᠡᠷᠡᠭᠯᠡᠭᠴᠢᠳ ᠤᠨ ᠠᠵᠢᠯ ᠤᠨ ᠳᠠᠷᠤᠭᠠᠰᠤ ᠶᠢ ᠬᠦᠩᠬᠡᠯᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯᠣᠨ᠎ᠠ᠃      ᠪᠦᠬᠦ ᠤᠯᠤᠰ ᠤᠨ ᠣᠳᠠᠰᠦ ᠪᠠᠷ ᠰᠣᠷᠪᠤᠯᠵᠢᠯᠠᠬᠤ ᠰᠢᠰᠲ᠋ᠧᠮ ᠤᠨ ᠠᠵᠢᠯ ᠤᠨ ᠡᠷᠬᠡ ᠰᠦᠷᠲᠦ ᠴᠢᠨᠠᠷ᠂ ᠳᠦᠷᠢᠮᠳᠦ ᠴᠢᠨᠠᠷ ᠢ ᠳᠡᠭᠡᠭᠰᠢᠯᠡᠭᠦᠯᠵᠦ᠂ ᠮᠡᠳᠡᠭᠡ ᠵᠠᠩᠭᠢ ᠶᠢ ᠵᠥᠪ ᠣᠨᠣᠪᠴᠢᠲᠠᠶ᠂ ᠴᠠᠭ ᠲᠤᠬᠠᠢ ᠳᠤᠨᠢ ᠴᠤᠭᠯᠠᠭᠤᠯᠬᠤ ᠶᠢ ᠦᠨᠡᠨᠬᠦ ᠪᠠᠲᠤᠯᠠᠵᠤ᠂ ᠬᠢᠵᠢᠭ ᠤᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠠᠷᠭᠠᠴᠠᠭᠠᠨ ᠰᠢᠢᠳᠪᠦᠷᠢᠯᠡᠬᠦ ᠳᠤ ᠲᠦᠰᠢᠭ ᠲᠤᠯᠭᠠᠭᠤᠷᠢ ᠬᠠᠩᠭᠠᠬᠤ ᠶᠢᠨ ᠲᠥᠯᠥᠭᠡ᠂ ᠤᠯᠤᠰ ᠤᠨ ᠡᠪᠡᠳᠴᠢᠨ ᠬᠢᠵᠢᠭ ᠢ ᠰᠡᠷᠭᠡᠶᠢᠯᠡᠨ ᠳᠠᠷᠣᠬᠤ ᠲᠣᠪᠴᠢᠶ᠎ᠠ ᠠᠴᠠ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠶᠠᠮᠤᠨ ᠲᠠᠢ ᠬᠠᠮᠲᠤᠷᠠᠨ ︽95120︾ ᠭᠡᠬᠦ ᠣᠬᠤᠷ ᠨᠣᠮᠧᠷ ᠢ ᠪᠥᠬᠦ ᠤᠯᠤᠰ ᠲᠤ ᠭᠡᠷᠡᠭᠯᠡᠬᠦ ᠪᠠᠷ ᠲᠣᠭᠲᠠᠭᠠᠵᠤ᠂ ᠣᠳᠠᠰᠦ  ᠪᠠᠷ ᠰᠣᠷᠪᠤᠯᠵᠢᠯᠠᠬᠤ ᠰᠢᠰᠲ᠋ᠧᠮ ᠢ ᠨᠡᠭᠡᠭᠡᠨ ᠬᠥᠭᠵᠢᠭᠦᠯᠵᠦ᠂ ᠡᠯ᠎ᠡ ᠱᠠᠲᠤᠨ ᠤ ᠪᠠᠶᠢᠭᠤᠯᠤᠮᠵᠢ ᠳᠤ ᠨᠢᠭᠡᠳᠦᠯᠲᠡᠢ ᠨᠣᠮᠧᠷ ᠲᠠᠢ᠂ ᠬᠢᠷᠢ ᠬᠡᠮ ᠨᠢ ᠢᠲᠡᠭᠡᠮᠵᠢᠲᠡᠢ᠂ ᠱᠠᠲᠤ ᠬᠤᠪᠢᠶᠠᠨ ᠬᠠᠮᠢᠶᠠᠷᠬᠤ᠂ ᠠᠮᠤᠷ ᠲᠦᠪᠰᠢᠨ ᠪᠥᠭᠡᠳ ᠡᠵᠡᠮᠳᠡᠵᠦ ᠪᠣᠯᠬᠤ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠᠶᠢᠴᠠᠭᠠᠯᠲᠠ ᠬᠢᠬᠦ ᠬᠠᠪᠰᠤᠷᠤᠮᠵᠢ ᠪᠠᠭᠠᠵᠢ ᠬᠠᠩᠭᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号