7 ᠰᠠᠷ᠎ᠠ ᠶᠢᠨ 7 ᠤ ᠡᠳᠦᠷ᠂ 2023 ᠣᠨ ᠤ ᠥᠪᠥᠷ ᠮᠣᠩᠭᠤᠯ ᠤᠨ ᠮᠠᠯ ᠠᠵᠤ ᠠᠬᠤᠢ ᠶᠢᠨ | ᠦᠵᠡᠰᠭᠦᠯᠡᠩ ᠵᠢᠴᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠵᠡᠰᠭᠦᠯᠡᠩ ᠭᠦᠭᠡᠬᠤᠲᠠ ᠶᠢᠨ ᠥᠪᠥᠷ | ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠡᠬᠢᠯᠡᠪᠡ᠃ | ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ 3 ᠡᠳᠦᠷ ᠶᠠᠪᠤᠭᠳᠠᠵᠤ᠂ ᠦᠵᠡᠭᠦᠯᠭᠡ ᠶᠢᠨ ᠲᠠᠯᠠᠪᠠᠢ | 30000 ᠲᠡᠭᠰᠢ ᠳᠥᠷᠪᠡᠯᠵᠢᠨ ᠮᠸᠲᠷ ᠲᠤ ᠬᠦᠷᠴᠦ᠂ ᠪᠦᠭᠦ ᠤᠯᠤᠰ ᠤᠨ ᠡᠯ᠎ᠡ ᠭᠠᠵᠠᠷ ᠵᠢᠴᠢ ᠭᠠᠳᠠᠭᠠᠳᠤ ᠶᠢᠨ | 13 ᠤᠯᠤᠰ ᠤᠨ 516 ᠠᠵᠤ ᠠᠬᠤᠶᠢᠯᠠᠯ ᠪᠣᠯᠣᠨ ᠳᠤᠮᠳᠠᠳᠤ ᠤᠯᠤᠰ ᠤᠨ ᠲᠥᠯᠥᠭᠡᠯᠡᠬᠦ ᠭᠠᠵᠠᠷ ᠢ ᠤᠷᠢᠵᠤ | ᠦᠵᠡᠰᠭᠦᠯᠡᠩ ᠳᠤ ᠣᠷᠣᠯᠴᠠᠭᠤᠯᠪᠠ᠃ | | | | | | | ᠦᠵᠡᠭᠦᠯᠭᠡ ᠶᠢᠨ ᠲᠢᠩᠬᠢᠮ ᠳᠤ ᠮᠠᠯ ᠠᠵᠤ ᠠᠬᠤᠢ ᠵᠢᠴᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ | ᠬᠥᠭᠵᠢᠯᠲᠡ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ ᠪᠦᠭᠦ ᠲᠠᠯ᠎ᠠ ᠪᠠᠷ ᠳᠡᠯᠭᠡᠨ ᠦᠵᠡᠭᠦᠯᠪᠡ᠃ ᠲᠤᠬᠠᠢ ᠶᠢᠨ | ᠲᠠᠯᠠᠪᠠᠶ ᠳᠤ ᠲᠣᠰ ᠲᠣᠰ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠵᠡᠭᠦᠯᠭᠡ ᠶᠢᠨ ᠲᠣᠭᠤᠷᠢᠭ᠂ ᠦᠬᠡᠷ | ᠬᠤᠨᠢᠨ ᠤ ᠠᠵᠤ ᠦᠢᠯᠡᠰ ᠤᠨ ᠦᠵᠡᠭᠦᠯᠭᠡ ᠶᠢᠨ ᠲᠣᠭᠤᠷᠢᠭ᠂ ᠲᠡᠵᠢᠭᠡᠯ ᠪᠣᠷᠳᠣᠭᠠᠨ ᠤ ᠠᠵᠤ ᠦᠢᠯᠡᠳᠪᠦᠷᠢ ᠶᠢᠨ | ᠦᠵᠡᠭᠦᠯᠭᠡ ᠶᠢᠨ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠵᠡᠭᠦᠯᠭᠡ ᠶᠢᠨ ᠲᠣᠭᠤᠷᠢᠭ᠂ | ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠵᠢᠴᠢ ᠡᠳ᠋ᠰᠢᠭᠦᠯᠦᠨ ᠪᠤᠯᠪᠠᠰᠤᠷᠠᠭᠤᠯᠵᠤ ᠪᠣᠭᠤᠳᠠᠯᠯᠠᠬᠤ | ᠦᠵᠡᠭᠦᠯᠭᠡ ᠶᠢᠨ ᠲᠣᠭᠤᠷᠢᠭ ᠭᠠᠷᠭᠠᠪᠠ᠃ | | | | | | | ᠡᠭᠦᠨ ᠤ ᠬᠠᠮᠲᠤ ᠪᠠᠰᠠ 2023 ᠣᠨ ᠤ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠡᠪᠡᠰᠦᠨ | ᠲᠡᠵᠢᠭᠡᠯᠲᠦ ᠭᠡᠷ ᠤᠨ ᠲᠡᠵᠢᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠢ | ᠬᠤᠷᠠᠯᠳᠤᠭᠤᠯᠪᠠ᠃ ᠶᠠᠷᠢᠶᠠᠨ ᠤ ᠲᠠᠪᠴᠠᠩ ᠨᠢ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠶᠢᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ᠂ ᠡᠪᠡᠰᠦᠨ ᠤ ᠠᠵᠤ ᠦᠢᠯᠡᠰ ᠤᠨ ᠬᠥᠭᠵᠢᠯᠲᠡ᠂ ᠢᠳᠡᠰᠢᠨ ᠬᠤᠨᠢᠨ ᠤ ᠠᠵᠤ | ᠦᠢᠯᠡᠰ ᠤᠨ ᠣᠳᠣᠬᠢ ᠪᠠᠶᠢᠳᠠᠯ ᠵᠢᠴᠢ ᠥᠨᠳᠥᠷ ᠪᠦᠲᠦᠮᠵᠢᠲᠡᠶ ᠲᠡᠵᠢᠭᠡᠨ ᠦᠷᠡᠵᠢᠭᠦᠯᠬᠦ᠂ ᠪᠠᠺᠲ᠋ᠧᠷᠢ ᠳᠠᠷᠤᠬᠤ | ᠡᠮ ᠤᠨ ᠬᠡᠷᠡᠭᠯᠡᠯᠲᠡ ᠵᠡᠷᠭᠡ ᠭᠤᠣᠯ ᠰᠡᠳᠦᠪ ᠤᠨ ᠲᠣᠭᠤᠷᠢᠨ ᠳᠤ᠂ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠭᠠᠷᠤᠯᠲᠠ ᠨᠢ ᠥᠨᠳᠥᠷ ᠪᠦᠲᠦᠮᠵᠢᠲᠡᠶ᠂ ᠪᠦᠲᠦᠭᠡᠭᠳᠡᠬᠦᠨ ᠨᠢ ᠠᠮᠤᠷ ᠲᠦᠪᠰᠢᠨ᠂ ᠡᠬᠢ | ᠪᠠᠶᠠᠯᠢᠭ ᠲᠤ ᠠᠷᠪᠢᠲᠠᠢ᠂ ᠣᠷᠴᠢᠨ ᠲᠣᠭᠤᠷᠢᠨ ᠳᠤ ᠨᠥᠭᠦᠷᠰᠡᠭ ᠣᠲᠣ ᠦᠶ᠎ᠡ ᠶᠢᠨ ᠮᠠᠯ ᠠᠵᠤ ᠠᠬᠤᠢ ᠶᠢ | ᠲᠦᠷᠭᠡᠳᠬᠡᠨ ᠪᠠᠶᠢᠭᠤᠯᠬᠤ ᠳᠤ ᠠᠷᠭ᠎ᠠ ᠤᠬᠠᠭᠠᠨ ᠰᠦᠪᠡᠭᠴᠢᠯᠡᠵᠡᠢ᠃ | | | | | | | | |