ᠳᠡᠭᠡᠷ᠎ᠡ ᠲᠣᠬᠤᠢ ᠰᠢᠶᠠᠩ ᠠᠶᠤᠯᠭᠦᠢ ᠦᠢᠯᠡᠳᠪᠦᠷᠢᠯᠡᠯ ᠤᠨ ᠳᠣᠬᠢᠷᠠᠭᠤᠯᠤᠯᠲᠠ ᠶᠢᠨ ᠬᠤᠷᠠᠯ ᠵᠢᠴᠢ ᠦᠶᠡᠷ ᠢ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/11
      7 ᠰᠠᠷ᠎ᠠ ᠶᠢᠨ 7  ᠤ ᠡᠳᠦᠷ᠂ ᠳᠡᠭᠡᠷ᠎ᠡ ᠲᠣᠬᠤᠢ ᠰᠢᠶᠠᠩ ᠠᠶᠤᠯᠭᠦᠢ ᠦᠢᠯᠡᠳᠪᠦᠷᠢᠯᠡᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠦᠶᠡᠷ ᠢ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ 2023 ᠣᠨ ᠤ ᠳᠣᠣᠷ᠎ᠠ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠪᠣᠯᠣᠨ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠰᠢᠶᠠᠩ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠸᠠᠩ ᠵᠢᠶᠦ᠋ᠨ ᠬᠤᠷᠠᠯ ᠢ ᠡᠷᠬᠢᠯᠡᠵᠦ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠮᠠ ᠰᠢᠩ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠬᠥᠳᠡᠭᠡ ᠲᠣᠰᠬᠤᠨ ᠬᠤᠶᠠᠷ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠬᠤ ᠠᠵᠢᠯᠲᠠᠳ ᠬᠤᠷᠠᠯ ᠳᠤ ᠣᠷᠣᠯᠴᠠᠪᠠ᠃
     ᠬᠤᠷᠠᠯ ᠠᠴᠠ᠂ ᠪᠦᠬᠦ ᠰᠢᠶᠠᠩ ᠤᠨ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃ ᠬᠤᠷᠠᠯ ᠠᠴᠠ᠂ ᠪᠦᠬᠦ ᠬᠥᠳᠡᠭᠡ ᠲᠣᠰᠬᠤᠨ ᠢᠶᠠᠷ ᠢᠶᠠᠨ ᠦᠵᠡᠯ ᠰᠠᠨᠠᠭᠠᠨ ᠤ ᠬᠥᠪᠴᠢ ᠪᠠᠨ ᠴᠢᠩᠭᠠᠷᠠᠭᠤᠯᠵᠤ᠂ ᠬᠦᠨᠳᠦ ᠬᠡᠴᠡᠭᠦᠦ ᠪᠠᠶᠢᠳᠠᠯ ᠢ ᠲᠣᠳᠣᠷᠬᠠᠢ ᠲᠠᠨᠢᠵᠤ᠂ ᠦᠨᠡᠨᠬᠦ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠦᠷᠭᠡᠨ ᠲᠤᠰᠬᠠᠯ ᠭᠠᠷᠭᠠᠵᠤ᠂ ᠪᠦᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠭᠦᠢᠴᠡᠳ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
     ᠬᠤᠷᠠᠯ ᠠᠴᠠ᠂ ᠪᠦᠬᠦ ᠰᠢᠶᠠᠩ ᠢᠶᠠᠷ ᠢᠶᠠᠨ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠣᠨᠣᠪᠴᠢᠲᠠᠢ ᠪᠠᠶᠢᠯᠭᠠᠵᠤ᠂ ᠠᠶᠤᠯᠭᠦᠢ ᠦᠢᠯᠡᠳᠪᠦᠷᠢᠯᠡᠯ ᠪᠣᠯᠣᠨ ᠦᠶᠡᠷ ᠤᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ︔ ᠵᠠᠮ ᠬᠠᠷᠢᠯᠴᠠᠭ᠎ᠠ᠂ ᠭᠠᠯ ᠤᠨ ᠭᠠᠮᠰᠢᠭ ᠢ ᠰᠡᠷᠭᠡᠶᠢᠯᠡᠬᠦ᠂ ᠣᠨᠴᠠᠭᠠᠢ ᠴᠠᠭ ᠠᠭᠤᠷ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠦᠶᠡᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ᠭᠠᠮᠰᠢᠭᠲᠤ ᠴᠠᠭ ᠠᠭᠤᠷ ᠢ ᠰᠡᠷᠭᠡᠶᠢᠯᠡᠨ ᠠᠷᠭᠠᠴᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠪᠣᠯᠣᠨ ᠭᠡᠮ ᠰᠣᠭᠤᠭ ᠢ ᠵᠠᠰᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠪᠣᠯᠣᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠠᠶᠢᠲᠤᠷ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠲᠣᠰᠬᠤᠨ ᠤ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠵᠤ᠂ ᠬᠥᠳᠡᠭᠡ ᠲᠣᠰᠬᠤᠨ ᠬᠤᠶᠠᠷ ᠱᠠᠲᠤᠨ ᠤ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃          ᠢᠷᠡᠯᠲᠡ᠄ ᠳᠡᠭᠡᠷ᠎ᠡ ᠲᠣᠬᠤᠢ ᠰᠢᠶᠠᠨᠩ ᠤᠨ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号