ᠸᠢᠴᠠᠲ᠂ ᡁᠢ ᠹᠦ᠋ ᠪᠤᠤ ᠵᠡᠷᠭᠡ ᠬᠦᠨᠳᠡᠯᠡᠨ ᠠᠴᠠ ᠲᠣᠭᠠᠴᠠᠭ᠎ᠠ ᠬᠢᠬᠦ ᠲᠠᠪᠴᠠᠩ ᠠᠴᠠ ᠪᠠᠩᠬᠢ ᠶᠢᠨ | ᠺᠠᠷᠲ ᠲᠤ ᠪᠡᠯᠡᠨ ᠵᠣᠭᠤᠰ ᠭᠠᠷᠭᠠᠨ ᠠᠪᠬᠤ ᠳᠤ ᠭᠡᠷᠡᠭᠯᠡᠭᠴᠢᠳ ᠴᠥᠮ 0.1% ᠶᠢᠨ ᠭᠠᠷ ᠭᠦᠢᠴᠡᠳᠬᠡᠯ ᠤᠨ | ᠵᠠᠷᠣᠳᠠᠯ ᠳᠦᠯᠦᠬᠦ ᠭᠡᠷᠡᠭᠳᠡᠢ ᠪᠠᠶᠢᠳᠠᠭ᠃ ᠬᠡᠳᠦᠶᠢᠪᠡᠷ 0.1% ᠶᠢᠨ ᠭᠠᠷ ᠭᠦᠢᠴᠡᠳᠬᠡᠯ ᠤᠨ ᠵᠠᠷᠣᠳᠠᠯ ᠨᠢ ᠲᠡᠶᠢᠮᠦ | ᠥᠨᠳᠥᠷ ᠪᠢᠰᠢ ᠪᠣᠯᠪᠠᠴᠤ ᠭᠠᠷᠭᠠᠵᠦ ᠠᠪᠬᠤ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠠᠶᠢᠪᠠᠯ᠂ ᠭᠠᠷ | ᠭᠦᠢᠴᠡᠳᠬᠡᠯ ᠤᠨ ᠵᠠᠷᠣᠳᠠᠯ ᠨᠢ ᠴᠦ ᠬᠠᠷᠢᠴᠠᠩᠭᠤᠢ ᠪᠠᠷ ᠥᠨᠳᠥᠷ ᠪᠤᠯᠳᠠᠭ᠃ | ᠡᠶᠢᠮᠦ ᠠᠴᠠ ᠴᠥᠭᠡᠨ ᠪᠤᠰᠤ ᠰᠦᠯᠵᠢᠶ᠎ᠠ ᠠᠰᠢᠬᠯᠠᠬᠴᠢᠳ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ | ᠵᠣᠭᠤᠰ ᠠᠷᠪᠢᠯᠠᠬᠤ ᠬᠠᠮᠢᠶᠠᠳᠠᠢ ᠠᠷᠭ᠎ᠠ ᠶᠢ ᠬᠤᠪᠢᠶᠠᠯᠴᠠᠵᠤ ᠪᠠᠶᠢᠨ᠎ᠠ᠂ ᠲᠤᠬᠠᠶᠢᠯᠠᠪᠠᠯ ᠬᠡᠷᠡᠭᠯᠡᠭᠴᠢ ᠸᠢᠴᠠᠲ ᠢ | ᠬᠡᠷᠡᠭᠯᠡᠨ ᠲᠣᠭᠠᠴᠠᠭ᠎ᠠ ᠬᠢᠬᠦ ᠦᠶ᠎ᠡ ᠳᠤ᠂ ᠸᠢᠴᠠᠲ ᠤᠨ ᠵᠢᠵᠢᠭ ᠫᠷᠣᠭ᠍ᠷᠠᠮ ᠢᠶᠠᠷ ᠪᠡᠯᠡᠨ ᠵᠣᠭᠤᠰ ᠭᠠᠷᠭᠠᠨ ᠠᠪᠬᠤ | ᠲᠥᠯᠥᠪᠦᠷᠢ ᠦᠭᠡᠢ ᠲᠡᠮᠳᠡᠭᠲᠦ ᠶᠢ ᠰᠣᠯᠢᠵᠤ ᠪᠣᠯᠣᠨ᠎ᠠ᠃ ᠭᠡᠪᠡᠴᠦ ᠡᠭᠦᠨ ᠠᠴᠠ ᠡᠮᠦᠨ᠎ᠡ ᠵᠠᠷᠣᠳᠠᠯ ᠥᠯᠥ | ᠬᠤᠷᠢᠶᠠᠬᠤ ᠲᠡᠮᠳᠡᠭᠲᠦ ᠶᠢᠨ ᠵᠣᠭᠤᠰ ᠤᠨ ᠲᠤᠭ᠎ᠠ ᠨᠢ ᠣᠯᠠᠩᠬᠢ ᠳᠠᠭᠠᠨ ᠵᠠᠭᠤᠨ ᠲᠥᠭᠦᠷᠢᠭ ᠤᠨ ᠲᠡᠮᠳᠡᠭᠲᠦ | ᠪᠠᠶᠢᠭᠰᠠᠨ ᠪᠥᠭᠡᠳ 7 ᠬᠤᠨᠤᠭ ᠤᠨ ᠳᠣᠲᠣᠷ᠎ᠠ ᠨᠢᠭᠡ ᠯᠡ ᠤᠳᠠᠭ᠎ᠠ ᠰᠣᠯᠢᠵᠤ ᠪᠣᠯᠳᠠᠭ ᠪᠣᠯᠬᠤᠷ ᠵᠣᠭᠤᠰ ᠤᠨ | ᠲᠤᠭ᠎ᠠ ᠨᠢ ᠲᠣᠩ ᠪᠠᠭ᠎ᠠ ᠪᠠᠶᠢᠪᠠ᠃ | ᠪᠡᠭᠡᠵᠢᠩ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠸᠢᠴᠠᠲ ᠤᠨ | ᠲᠣᠭᠠᠴᠠᠭ᠎ᠠ ᠬᠢᠬᠦ ᠪᠦᠯᠬᠦᠮ ᠤᠨ ᠬᠢᠨ ᠨᠢᠭᠡᠨᠲᠡ 2000 ᠲᠥᠭᠦᠷᠢᠭ᠂ 1000 ᠲᠥᠭᠦᠷᠢᠭ ᠤᠨ ᠶᠡᠭᠡ ᠲᠣᠭᠠᠨ ᠤ | ᠪᠡᠯᠡᠨ ᠵᠣᠭᠤᠰ ᠭᠠᠷᠭᠠᠨ ᠠᠪᠬᠤ ᠵᠠᠷᠣᠳᠠᠯ ᠥᠯᠥ ᠳᠣᠰᠢᠶᠠᠬᠤ ᠲᠡᠮᠳᠡᠭᠲᠦ ᠭᠠᠷᠭᠠᠭᠰᠠᠨ ᠪᠣᠯᠪᠠᠴᠤ ᠲᠡᠭᠦᠨ ᠢ ᠲᠣᠰ | ᠲᠣᠰ 20᠂ 10 ᠡᠯᠧᠺᠲᠷᠣᠨ ᠵᠣᠭᠤᠰ ᠢᠶᠠᠷ ᠰᠣᠯᠢᠬᠤ ᠴᠢᠬᠤᠯᠠᠲᠠᠢ ᠶᠤᠮ ᠪᠠᠶᠢᠨ᠎ᠠ᠃ ᠲᠥᠰᠥᠭᠡᠯᠡᠨ | ᠪᠤᠳᠤᠭᠰᠠᠨ ᠢᠶᠠᠷ᠂ ᠬᠡᠷᠡᠭᠯᠡᠭᠴᠢ ᠨᠢᠭᠡᠪᠦᠷᠢ ᠰᠠᠷ᠎ᠠ ᠶᠢᠨ ᠳᠣᠲᠣᠷ᠎ᠠ ᠬᠠᠮᠤᠭ ᠤᠨ ᠶᠡᠭᠡ ᠳᠡᠭᠡᠨ 1 ᠲᠦᠮᠡ 2000 | ᠲᠥᠭᠦᠷᠢᠭ ᠤᠨ ᠵᠠᠷᠣᠳᠠᠯ ᠥᠯᠥ ᠬᠤᠷᠢᠶᠠᠬᠤ ᠳᠡᠮᠳᠡᠭᠳᠦ ᠠᠪᠴᠤ ᠪᠣᠯᠣᠨ᠎ᠠ᠂ ᠡᠨᠡ ᠨᠢ ᠥᠩᠭᠡᠷᠡᠭᠰᠡᠨ ᠤ ᠬᠢ ᠠᠴᠠ | ᠪᠠᠭ᠎ᠠ ᠪᠤᠰᠤ ᠨᠡᠮᠡᠭᠳᠡᠭᠰᠡᠨ ᠪᠠᠶᠢᠨ᠎ᠠ᠃ |