ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 98 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ  ᠶᠠᠩ ᠰᠢᠩ ᠱᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/7/12
     7 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 98 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠡᠪᠯᠡᠯ ᠤᠨ ᠲᠥᠪ ᠬᠤᠷᠢᠶᠠᠨ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠭᠡᠰᠢᠭᠦᠳ ᠲᠠᠢ ᠬᠠᠮᠲᠤ ᠪᠠᠷ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ︔ ᠰᠢᠶᠠᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ︔ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 85 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ︔ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠤᠯᠠᠮᠵᠢᠯᠠᠨ  ᠶᠠᠪᠤᠭᠤᠯᠤᠭᠰᠠᠨ ︽ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠮᠡᠳᠡᠭᠳᠡᠯ︾  ᠢ  ᠤᠯᠠᠮᠵᠢᠯᠠᠵᠤ᠂ ᠰᠢᠶᠠᠨ ᠤ ᠡᠯ᠎ᠡ ᠵᠦᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠠᠭ ᠢᠮᠠᠭᠲᠠ ᠰᠠᠶᠢᠲᠤᠷ ᠰᠠᠬᠢᠵᠤ᠂ ᠦᠶᠡᠷ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠰᠲ᠋ᠧᠮ ᠲᠠᠢ ᠲᠥᠯᠥᠪᠵᠢᠭᠦᠯᠵᠦ᠂ ᠰᠠᠶᠢᠲᠤᠷ ᠪᠡᠯᠡᠳᠬᠡᠬᠦ ᠬᠡᠷᠡᠭᠲᠡᠢ ︔ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠬᠥᠮᠥᠨ ᠪᠣᠯᠣᠨ ᠡᠳ᠋ ᠪᠣᠳᠠᠰ ᠢ ᠪᠠᠲᠤᠯᠠᠨ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠳᠡᠭᠡᠭᠰᠢᠯᠡᠭᠦᠯᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠠᠮᠤᠷ ᠲᠦᠪᠰᠢᠨ ᠤ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠭᠤᠣᠯ ᠰᠡᠳᠦᠪᠲᠦ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠤᠷᠢᠳᠴᠢᠯᠠᠨ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠰᠠᠶᠢᠲᠤᠷ ᠨᠥᠭᠡᠴᠡᠯᠡᠵᠦ᠂ ᠰᠤᠷᠤᠯᠴᠠᠯᠭ᠎ᠠ ᠶᠢᠨ ᠠᠭᠤᠯᠭ᠎ᠠ ᠶᠢ ᠡᠮᠬᠢᠯᠡᠵᠦ᠂ ᠰᠤᠷᠤᠯᠴᠠᠯᠭ᠎ᠠ ᠶᠢᠨ ᠨᠠᠷᠢᠨ ᠲᠠᠩᠰᠠ ᠶᠢ ᠲᠠᠲᠠᠵᠤ᠂ ᠭᠤᠣᠯ ᠰᠡᠳᠦᠪᠲᠦ ᠬᠥᠮᠦᠵᠢᠯ ᠤᠨ ︽ᠤᠷᠢᠳᠠᠪᠡᠷ ᠶᠠᠪᠤᠬᠤ ᠰᠢᠲᠠᠷ᠎ᠠ︾ ᠶᠢ  ᠰᠠᠶᠢᠨ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠴᠡᠪᠡᠷ ᠲᠡᠭᠰᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂  ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠬᠢᠨᠠᠨ ᠵᠥᠪᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号