ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/12
     7 ᠰᠠᠷ᠎ᠠ ᠶᠢᠨ 7  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠳᠠᠷᠠᠭ᠎ᠠ ᠳᠤᠨᠢ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠭᠦᠨ ᠲᠤᠰ ᠲᠤᠰ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠨᠢ ᠤᠳᠤᠮ ᠤᠯᠠᠮᠵᠢᠯᠠᠯ ᠨᠢᠭᠡᠲᠡᠢ᠂ ᠬᠠᠷᠢᠯᠴᠠᠨ ᠨᠡᠪᠲᠡᠷᠡᠯᠴᠡᠵᠦ᠂ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠠᠷᠭ᠎ᠠ ᠵᠠᠮ᠂ ᠬᠥᠭᠵᠢᠯᠲᠡ ᠶᠢᠨ ᠴᠢᠭᠯᠡᠯ ᠢ ᠲᠣᠳᠣᠷᠬᠠᠢ ᠲᠣᠭᠲᠠᠭᠠᠪᠠ ︔ ᠪᠦᠬᠦ ᠰᠢᠶᠠᠨ ᠢᠶᠠᠷ ᠢᠶᠠᠨ ᠡᠯ᠎ᠡ ᠵᠦᠢᠯ ᠤᠨ ᠠᠵᠢᠯ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠶᠡᠷᠦᠩᠬᠡᠢ ᠱᠦᠵᠢ ᠶᠢᠨ ᠲᠣᠰ ᠤᠳᠠᠭᠠᠨ ᠤ ᠰᠢᠨᠵᠢᠯᠡᠨ ᠪᠠᠶᠢᠴᠠᠭᠠᠭᠰᠠᠨ ᠠᠭᠤᠯᠭ᠎ᠠ ᠵᠢᠭᠠᠪᠤᠷᠢ ᠱᠠᠭᠠᠷᠳᠠᠯᠭ᠎ᠠ ᠶᠢ ᠴᠢᠩᠭ᠎ᠠ ᠬᠠᠷᠭᠤᠭᠤᠯᠵᠤ᠂ ᠰᠢᠶᠠᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠰᠠᠶᠢᠲᠤᠷ ᠬᠥᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠵᠦ᠂  ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠪᠠᠶᠢᠳᠠᠯ ᠢ ᠰᠠᠶᠢᠲᠤᠷ ᠬᠠᠮᠠᠭᠠᠯᠠᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠶᠢᠨ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠤᠬᠠᠮᠰᠠᠷ ᠠᠴᠠ ᠪᠠᠨ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠪᠣᠳᠠᠲᠠᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠢ ︔ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠬᠤᠳᠠ ᠪᠠᠯᠭᠠᠰᠤᠨ ᠤ ᠴᠢᠳᠠᠮᠵᠢ ᠪᠠ ᠴᠢᠨᠠᠷ ᠳᠡᠰ ᠢ ᠳᠡᠭᠡᠭᠰᠢᠯᠡᠭᠦᠯᠬᠦ ᠬᠡᠷᠡᠭᠲᠡᠢ ︔ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︾ ᠭᠤᠣᠯ ᠰᠢᠵᠢᠮ ᠤᠨ ᠲᠣᠭᠤᠷᠢᠨ ᠳᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ︔ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠪᠠᠳᠠᠷᠠᠭᠤᠯᠬᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠬᠤ ᠶᠢᠨ ᠲᠣᠭᠤᠷᠢᠨ ᠳᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠬᠤ ᠬᠡᠷᠡᠭᠲᠡᠢ ︔ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠠᠵᠢᠯ ᠤᠨ ᠦᠷ᠎ᠡ ᠪᠦᠲᠦᠮᠵᠢ ᠪᠠᠨ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠵᠢᠯ ᠢᠶᠠᠨ ᠠᠬᠢᠭᠤᠯᠬᠤ ᠶᠠᠪᠤᠴᠠ ᠳᠠᠬᠢ ᠠᠰᠠᠭᠤᠳᠠᠯ ᠢ ᠲᠣᠳᠣᠷᠬᠠᠢ ᠪᠣᠳᠣᠯᠬᠢᠯᠠᠵᠤ᠂ ᠨᠡᠪᠲᠡᠷᠬᠡᠢ ᠪᠣᠳᠣᠯᠬᠢᠯᠠᠵᠤ᠂ ᠠᠷᠭ᠎ᠠ ᠰᠦᠪᠡᠭᠴᠢᠯᠡᠵᠦ᠂ ᠠᠷᠭ᠎ᠠ ᠬᠡᠮᠵᠢᠶ᠎ᠡ ᠠᠪᠬᠤ ᠬᠡᠷᠡᠭᠲᠡᠢ ᠭᠡᠵᠦ ᠱᠠᠭᠠᠷᠳᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号