ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/12
      7 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠪᠦᠬᠦᠳᠠ ᠬᠤᠷᠠᠯ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ᠂ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠰᠢᠶᠠᠨ ᠤ 2022 ᠣᠨ ᠤ ᠬᠤᠶᠠᠷ ᠢ ᠬᠦᠷᠢᠶᠡᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ 2023 ᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠵᠢᠴᠢ 2023 ᠣᠨ ᠤ ᠳᠡᠭᠡᠷ᠎ᠡ ᠬᠠᠭᠠᠰ ᠵᠢᠯ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠪᠠ ᠬᠤᠶᠠᠷ ᠢ ᠬᠦᠷᠢᠶᠡᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠰᠢᠶᠠᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠪᠠ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠷᠦᠭᠦᠯᠡᠨ ᠬᠢᠬᠦ ᠰᠢᠶᠠᠨ ᠤ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠡᠮᠬᠢᠯᠡᠵᠦ᠂ ᠴᠡᠷᠢᠭ ᠠᠴᠠ ᠬᠠᠯᠠᠭᠳᠠᠭᠰᠠᠳ ᠤᠨ ᠡᠯ᠎ᠡ ᠵᠦᠢᠯ ᠤᠨ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠪᠠᠲᠤᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠠᠷᠭ᠎ᠠ ᠪᠠᠨ ᠰᠢᠯᠢᠳᠡᠭᠵᠢᠭᠦᠯᠵᠦ᠂ ᠡᠭᠦᠳᠦᠨ ᠪᠠᠶᠢᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号