ᠶᠦᠨ ᠰᠢᠶᠣᠣ ᠮᠢᠨ ᠪᠦᠯᠬᠦᠮ ᠳᠠᠭᠠᠭᠤᠯᠤᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠳᠤ ᠬᠦᠷᠴᠦ ᠬᠠᠮᠲᠤᠷᠠᠨ ᠰᠤᠷᠭᠠᠭᠤᠯᠢ ᠡᠷᠭᠢᠯᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2023/7/12
      7 ᠰᠠᠷ᠎ᠠ ᠶᠢᠨ 10 ᠤ ᠡᠳᠦᠷ᠂ ᠦᠴᠦᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠰᠢᠶᠣᠣ ᠮᠢᠨ ᠪᠦᠯᠬᠦᠮ ᠳᠠᠭᠠᠭᠤᠯᠤᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠳᠤ ᠬᠦᠷᠴᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠵᠠᠩᠭᠢᠯᠠᠭ᠎ᠠ ᠶᠢᠨ ᠭᠤᠭᠴᠤᠭ᠎ᠠ ᠶᠢ ᠬᠠᠮᠲᠤᠪᠠᠷ ᠪᠠᠶᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠵᠣᠯᠭᠠᠭᠤᠯᠤᠨ ᠨᠡᠪᠲᠡᠷᠡᠯᠴᠡᠵᠦ᠂ ᠰᠤᠷᠭᠠᠨ ᠬᠥᠮᠦᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠬᠠᠷᠢᠭᠤᠴᠠᠯᠭᠠᠲᠠᠨ ᠣᠷᠣᠯᠴᠠᠵᠠᠢ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ᠂ ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ ᠴᠢᠦᠢ ᠵᠢᠶᠠᠨ ᠬᠤᠸᠠ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠳᠡᠳ᠋ ᠵᠠᠬᠢᠷᠤᠯ ᠵᠠᠩ ᠶᠤᠸᠠᠨ ᠶᠠᠷᠢᠯᠴᠠᠬᠤ ᠬᠤᠷᠠᠯ ᠳᠤ ᠣᠷᠣᠯᠴᠠᠪᠠ᠃
     ᠶᠠᠷᠢᠯᠴᠠᠬᠤ ᠬᠤᠷᠠᠯ ᠳᠡᠭᠡᠷ᠎ᠡ᠂ ᠰᠤᠷᠭᠠᠭᠤᠯᠢ ᠶᠢᠨ ᠵᠠᠬᠢᠷᠤᠯ ᠴᠢᠦᠢ ᠵᠢᠶᠠᠨ ᠬᠤᠸᠠ ᠰᠢᠶᠠᠨ ᠤ ᠳᠡᠳ᠋ ᠳᠠᠷᠤᠭ᠎ᠠ ᠶᠦᠨ ᠰᠢᠶᠣᠣ ᠮᠢᠨ ᠲᠠᠢ ᠪᠡᠭᠡᠵᠢᠩ ᠠᠴᠠ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠪᠦᠯᠬᠦᠮ᠂ ᠰᠤᠷᠭᠠᠭᠤᠯᠢ ᠶᠢᠨ ᠬᠠᠮᠢᠶᠠᠷᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ᠂ ᠮᠠᠨ ᠤ ᠰᠢᠶᠠᠨ ᠤ ᠪᠠᠭᠰᠢ ᠶᠢᠨ ᠪᠡᠭᠡᠵᠢᠩ ᠳᠤ ᠬᠦᠷᠴᠦ ᠠᠵᠢᠯ ᠤᠨ ᠪᠠᠶᠢᠷᠢ ᠶᠢ ᠳᠠᠭᠠᠵᠤ ᠪᠣᠯᠪᠠᠰᠤᠷᠠᠭᠤᠯᠬᠤ ᠵᠡᠷᠭᠡ ᠬᠠᠮᠲᠤᠷᠠᠯᠴᠠᠭᠠᠨ ᠤ ᠨᠠᠷᠢᠨ ᠵᠦᠢᠯᠡᠰ ᠤᠨ ᠲᠣᠭᠤᠷᠢᠨ ᠳᠤ ᠭᠦᠨᠵᠡᠭᠡᠢ ᠰᠣᠯᠢᠯᠴᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠠᠵᠢᠯ ᠤᠨ ᠲᠣᠬᠢᠷᠠᠭᠤᠯᠤᠯᠲᠠ ᠪᠠᠨ ᠨᠠᠷᠢᠨ ᠨᠢᠭᠲᠠ ᠰᠣᠯᠢᠯᠴᠠᠵᠠᠢ᠃      ᠬᠤᠶᠠᠷ ᠲᠠᠯ᠎ᠠ ᠪᠠᠷ ᠢᠶᠠᠨ 2023 ᠣᠨ ᠤ 8 ᠰᠠᠷ᠎ᠠ ᠶᠢᠨ ᠡᠬᠢ ᠪᠠᠷ᠂ ᠪᠡᠭᠡᠵᠢᠩ ᠤᠨ ᠬᠠᠮᠢᠶᠠᠷᠤᠯᠲᠠ ᠶᠢᠨ ᠪᠦᠯᠬᠦᠮ ᠦᠴᠦᠸᠠᠨ ᠳᠤ ᠣᠷᠣᠵᠤ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠥᠷᠨᠢᠭᠦᠯᠬᠦ ᠪᠠᠷ ᠲᠥᠯᠥᠪᠯᠡᠵᠦ ᠪᠣᠶ᠂ ᠡᠨᠡ ᠨᠢ ᠬᠠᠮᠲᠤᠷᠠᠨ ᠰᠤᠷᠭᠠᠭᠤᠯᠢ ᠡᠷᠭᠢᠯᠡᠬᠦ ᠬᠤᠯᠪᠣᠭᠳᠠᠯ ᠪᠦᠬᠦᠢ ᠠᠵᠢᠯ ᠤᠨ ᠠᠷᠭ᠎ᠠ ᠬᠡᠮᠵᠢᠶ᠎ᠡ ᠶᠢ ᠲᠦᠷᠭᠡᠨ᠂ ᠪᠣᠳᠠᠲᠠᠢ᠂ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠰᠢᠶᠠᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ ᠶᠤᠮ᠃      ᠣᠶᠢᠯᠠᠭᠠᠭᠰᠠᠨ ᠢᠶᠠᠷ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠣᠶᠢᠷ᠎ᠠ ᠶᠢᠨ ᠬᠤᠭᠤᠴᠠᠭᠠᠨ ᠳᠤ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠲᠠᠢ ᠬᠠᠮᠢᠶ᠎ᠠ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠨᠢᠭᠡᠳᠦᠯᠲᠡᠢ ᠲᠣᠬᠢᠷᠠᠭᠤᠯᠤᠯᠲᠠ ᠪᠠᠷ᠂ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠶᠢᠨ ᠬᠡᠰᠡᠭ ᠰᠤᠷᠭᠠᠨ ᠬᠥᠮᠦᠵᠢᠯ ᠤᠨ ᠡᠬᠢ ᠪᠠᠶᠠᠯᠢᠭ ᠨᠢ ᠮᠠᠨ ᠤ ᠰᠢᠶᠠᠨ ᠪᠣᠯᠣᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠪᠣᠯᠣᠨ᠎ᠠ᠃
      ᠬᠤᠷᠠᠯ ᠤᠨ ᠡᠴᠦᠰ ᠲᠤ᠂ ᠰᠢᠶᠠᠨ ᠤ ᠳᠡᠳ᠋ ᠳᠠᠷᠤᠭ᠎ᠠ ᠶᠦᠨ ᠰᠢᠶᠣᠣ ᠮᠢᠨ ᠢᠯᠡᠷᠬᠡᠶᠢᠯᠡᠬᠦ ᠳᠡᠭᠡᠨ᠂ ᠦᠴᠦᠸᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠲᠠᠢ ᠬᠠᠮᠲᠤᠷᠠᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠬᠦᠴᠦᠨ ᠢᠶᠠᠷ ᠢᠶᠠᠨ ᠳᠡᠮᠵᠢᠵᠦ᠂ ᠳᠠᠷᠠᠭᠠᠴᠢ ᠶᠢᠨ ᠠᠯᠬᠤᠮ ᠳᠤ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠨᠢᠭᠲᠠ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠵᠤ᠂ ᠪᠦᠬᠦ ᠲᠠᠯ᠎ᠠ ᠶᠢᠨ ᠬᠠᠮᠲᠤᠷᠠᠯᠴᠠᠭᠠᠨ ᠤ ᠰᠢᠰᠲ᠋ᠧᠮ ᠢ ᠦᠷᠭᠦᠯᠵᠢᠯᠡᠨ ᠰᠦᠪᠡᠭᠴᠢᠯᠡᠵᠦ᠂ ︽ᠨᠢᠭᠡ ᠴᠣᠭᠴᠠ ᠬᠤᠶᠠᠷ ᠵᠢᠭᠦᠷ ᠬᠤᠶᠠᠷ ᠲᠠᠯ᠎ᠠ ᠪᠠᠷ ᠳᠠᠶᠢᠴᠢᠯᠠᠬᠤ︾ ᠰᠤᠷᠭᠠᠨ ᠬᠥᠮᠦᠵᠢᠯ ᠤᠨ ᠠᠵᠢᠯ ᠤᠨ ᠰᠢᠨ᠎ᠡ ᠪᠠᠶᠢᠷᠢᠰᠢᠯ ᠢ ᠪᠦᠬᠦ ᠲᠠᠯ᠎ᠠ ᠪᠠᠷ ᠪᠠᠶᠢᠭᠤᠯᠵᠤ᠂ ᠦᠴᠦᠸᠠᠨ ᠤ ᠠᠷᠠᠳ ᠢᠷᠭᠡᠳ ᠲᠤ ᠬᠠᠮᠤᠭ ᠤᠨ ᠰᠢᠯᠢᠳᠡᠭ ᠨᠡᠶᠢᠰᠯᠡᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠨᠡᠨᠬᠦ ᠡᠳ᠋ᠯᠡᠭᠦᠯᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠬᠤ ᠠᠷᠭ᠎ᠠ ᠬᠡᠮᠵᠢᠶ᠎ᠡ ᠪᠠᠷ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠨ᠎ᠡ ᠭᠡᠵᠡᠶ᠃            ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号