ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 19 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/12
      7 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 19 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠦᠴᠦᠸᠠᠨ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾  ᠤᠨ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠵᠥᠪᠯᠡᠵᠡᠢ᠃      ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠳᠤᠷᠢᠳᠬᠤ ᠳᠤᠭᠤᠶᠢᠯᠠᠩ ᠪᠠᠶᠢᠭᠤᠯᠬᠤ᠂ ᠠᠵᠢᠯ ᠤᠨ ᠲᠥᠰᠥᠯ ᠢ ᠲᠡᠭᠦᠯᠳᠡᠷᠵᠢᠭᠦᠯᠬᠦ᠂ ᠠᠵᠢᠯ ᠤᠨ ᠲᠣᠭᠲᠠᠴᠠ ᠶᠢ ᠪᠦᠷᠢᠨᠰᠢᠭᠦᠯᠬᠦ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠬᠠᠮᠲᠤ᠂ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠶᠠᠪᠤᠴᠠ ᠳᠤ᠂ ᠤᠯᠠᠨ ᠲᠦᠮᠡᠨ ᠤ ᠰᠠᠨᠠᠯ ᠢ ᠭᠦᠢᠴᠡᠳ ᠰᠢᠩᠭᠡᠬᠡᠨ ᠠᠪᠴᠤ᠂ ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠬᠤᠪᠢ ᠬᠤᠷᠠᠮᠳᠤᠭᠤᠯᠬᠤ ᠳᠦᠷᠢᠮ︾  ᠤᠨ ᠠᠵᠢᠯ ᠤᠨ ᠴᠢᠬᠤᠯᠠ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠣᠨ ᠰᠠᠶᠢᠨ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ᠂ ᠲᠣᠰᠬᠤᠨ ᠤ ᠠᠷᠠᠳ ᠤᠨ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ︽ᠬᠤᠪᠢ ᠬᠤᠷᠠᠮᠳᠤᠭᠤᠯᠵᠤ ᠬᠥᠳᠡᠯᠭᠡᠬᠦ ᠬᠦᠴᠦᠨ ᠢ ᠬᠥᠭᠵᠢᠭᠡᠬᠦ᠂ ᠤᠯᠠᠨ ᠲᠦᠮᠡᠨ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号