ᠦᠴᠦᠸᠠᠨ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠦᠨ ᠪᠠᠶᠢᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠡᠷᠬᠢᠯᠡᠪᠡ
ᠨᠡᠶᠢᠲᠡᠯᠡᠭᠰᠡᠨ ᠴᠠᠭ᠄
2023/7/13
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠦᠨ ᠪᠠᠶᠢᠭᠤᠯᠤᠨ᠎ᠠ᠃ 7 ᠰᠠᠷ᠎ᠠ ᠶᠢᠨ 11 ᠤ ᠡᠳᠦᠷ᠂ ᠦᠴᠦᠸᠠᠨ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠣᠯᠯᠠᠨ ᠡᠷᠭᠢᠯᠡᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠦᠨ ᠪᠠᠶᠢᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠵᠢᠩᠬᠢᠨᠢ ᠪᠠᠷ ᠡᠬᠢᠯᠡᠭᠦᠯᠪᠡ᠃ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠱᠠᠰᠢᠨ ᠰᠤᠷᠲᠠᠬᠤᠨ ᠤ ᠵᠥᠪᠯᠡᠯ ᠪᠣᠯᠣᠨ ᠬᠥᠬᠡ ᠡᠷᠭᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠦᠨᠳᠦᠰᠦᠲᠡᠨ ᠤ ᠬᠡᠷᠡᠭ ᠶᠠᠪᠤᠳᠠᠯ ᠢ ᠡᠷᠬᠢᠯᠡᠵᠦ ᠪᠠᠶᠢᠭ᠎ᠠ 60 ᠭᠠᠷᠤᠢ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠵᠠᠢ᠃      ᠪᠣᠯᠪᠠᠰᠤᠷᠠᠭᠤᠯᠤᠯ ᠤᠨ ᠳᠤᠮᠳᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠪᠠᠭᠰᠢ ᠨᠠᠷ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠲᠠᠯ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠵᠢᠯᠣᠭᠤᠳᠣᠯᠭ᠎ᠠ ᠬᠢᠵᠠᠢ᠃ ᠪᠣᠯᠪᠠᠰᠤᠷᠠᠭᠤᠯᠤᠯ ᠤᠨ ᠠᠭᠤᠯᠭ᠎ᠠ ᠡᠯᠪᠡᠭ ᠪᠠᠶᠠᠯᠢᠭ᠂ ᠠᠭᠤᠯᠬᠤᠨ ᠭᠦᠨ ᠭᠦᠨᠵᠡᠭᠡᠢ᠂ ᠲᠠᠶᠢᠯᠤᠮᠵᠢ ᠨᠠᠷᠢᠨ ᠲᠣᠳᠣᠷᠬᠠᠢ᠂ ᠲᠥᠷᠥ ᠶᠢᠨ ᠪᠣᠳᠣᠯᠭ᠎ᠠ ᠶᠢᠨ ᠣᠨᠣᠯ ᠤᠨ ᠴᠢᠨᠠᠷ ᠲᠠᠢ ᠮᠥᠷᠲᠡᠭᠡᠨ ᠦᠢᠯᠡᠳᠦᠯᠭᠡ ᠶᠢᠨ ᠵᠢᠯᠤᠭᠤᠳᠬᠤ ᠴᠢᠨᠠᠷ ᠲᠠᠢ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠲᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠳᠤ ᠨᠠᠩ ᠭᠦᠨᠵᠡᠭᠡᠢ ᠣᠶᠢᠯᠠᠭᠠᠯᠲᠠ ᠲᠥᠷᠥᠭᠳᠡᠯ ᠲᠠᠢ ᠪᠣᠯᠭᠠᠵᠤ᠂ ᠦᠨᠳᠦᠰᠦᠲᠡᠨ ᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠠᠢ᠃       ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ      ᠦᠴᠦᠸᠠᠨ ᠰᠢᠶᠠᠨ ᠤ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠬᠡᠰᠡᠭ ᠭᠡᠰᠢᠭᠦᠳ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号