| 7 ᠰᠠᠷ᠎ᠠ ᠶᠢᠨ 20 ᠤ ᠡᠳᠦᠷ ᠠᠴᠠ ᠡᠬᠢᠯᠡᠨ᠂ ᠬᠡᠦᠬᠡᠳ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ | ᠠᠪᠤᠪᠠᠯ ᠰᠠᠶ᠋ᠢ ᠥᠷᠲᠡᠭᠡᠨ ᠳᠤ ᠣᠷᠣᠵᠤ ᠭᠠᠯᠲᠤ ᠲᠡᠷᠭᠡᠨ ᠳᠤ ᠰᠠᠭᠤᠵᠤ ᠪᠣᠯᠤᠨ᠎ᠠ᠃ | ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠣᠳᠣᠬᠠᠨ ᠳᠤ ᠨᠠᠰᠤ ᠶᠢ ᠨᠢ ᠦᠨᠳᠦᠰᠦᠯᠡᠨ ᠬᠡᠦᠬᠡᠳ ᠤᠨ | ᠪᠢᠯᠧᠲ ᠢ ᠢᠯᠭᠠᠵᠤ ᠬᠤᠪᠢᠶᠠᠪᠠ︔ ᠪᠦᠬᠦᠯᠢ 6 ᠨᠠᠰᠤ ᠬᠦᠷᠦᠭᠡᠳᠦᠢ ᠬᠡᠦᠬᠡᠳ ᠲᠤᠰᠠᠭᠠᠷ ᠣᠷᠣ ᠡᠵᠡᠯᠡᠬᠦ | ᠥᠬᠡᠶ ᠪᠣᠯ ᠰᠦᠢᠳᠭᠡᠯ ᠥᠬᠡᠶ ᠪᠠᠷ ᠲᠡᠷᠭᠡᠨ ᠳᠤ ᠰᠠᠭᠤᠵᠤ ᠪᠣᠯᠤᠨ᠎ᠠ᠂ ᠨᠢᠭᠡ ᠨᠠᠰᠤᠨ ᠳᠤ ᠭᠦᠷᠦᠭᠰᠡᠳ ᠵᠥᠪᠬᠡᠨ | ᠨᠢᠭᠡ ᠯᠡ ᠬᠡᠦᠬᠡᠳ ᠠᠪᠴᠤ ᠶᠠᠪᠤᠵᠤ ᠪᠤᠯᠤᠨ᠎ᠠ᠂ ᠡᠭᠦᠨ ᠠᠴᠠ ᠬᠡᠲᠦᠷᠡᠪᠡᠯ ᠢᠯᠡᠭᠦᠦ ᠪᠢᠯᠧᠲ ᠠᠪᠬᠤ ᠴᠢᠬᠤᠯᠠᠲᠠᠶ᠃ | ᠪᠦᠬᠦᠯᠢ 6 ᠨᠠᠰᠤ ᠬᠦᠷᠦᠭᠰᠡᠨ ᠪᠥᠭᠡᠳ ᠪᠦᠬᠦᠯᠢ 14 ᠨᠠᠰᠤ ᠬᠦᠷᠦᠭᠡᠳᠦᠢ ᠬᠡᠦᠬᠡᠳ ᠨᠢ ᠬᠡᠦᠬᠡᠳ ᠤᠨ ᠪᠢᠯᠧᠲ | ᠬᠤᠳᠠᠯᠳᠤᠨ ᠠᠪᠴᠤ ᠪᠣᠯᠤᠨ᠎ᠠ᠃ | ᠭᠠᠯᠳᠤ ᠲᠡᠷᠭᠡᠨ ᠳᠤ ᠰᠠᠭᠤᠬᠤ ᠳᠠᠭᠠᠨ ᠬᠡᠷᠪᠡ ᠬᠡᠦᠬᠡᠳ ᠤᠨ ᠬᠦᠴᠦᠨ ᠪᠥᠬᠦᠶ ᠪᠡᠶ᠎ᠡ ᠶᠢᠨ ᠦᠨᠡᠮᠯᠡᠯ | ᠢᠶᠠᠨ ᠠᠪᠬᠤ ᠪᠠᠨ ᠮᠠᠷᠳᠠᠬᠤ ᠪᠤᠶᠤ ᠬᠡᠦᠬᠡᠳ ᠤᠨ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠭᠡᠭᠡᠬᠦ ᠳᠤ ᠬᠦᠷᠪᠡᠯ᠂ | ᠲᠡᠷᠭᠡᠨ ᠥᠷᠲᠡᠭᠡᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠡᠷᠡᠴᠢ ᠬᠢᠬᠦ ᠴᠤᠩᠬᠤᠪᠴᠢ | ᠪᠤᠶᠤ ᠪᠢᠯᠧᠲ ᠬᠤᠳᠠᠯᠳᠤᠬᠤ ᠠᠦ᠋ᠲ᠋ᠣ᠋ ᠮᠠᠰᠢᠨ ᠳᠤ ᠬᠦᠷᠴᠦ ᠲᠦᠷ ᠴᠠᠭ ᠤᠨ ᠪᠡᠶ᠎ᠡ ᠶᠢᠨ ᠦᠨᠡᠮᠯᠡᠯ ᠬᠢᠯᠭᠡᠬᠦ | ᠬᠡᠷᠡᠭᠲᠡᠶ᠂ ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠠᠪᠤᠭᠰᠠᠨ ᠨᠠᠰᠤᠨ ᠳᠤ ᠥᠯᠥ | ᠭᠦᠷᠦᠭᠰᠡᠳ ᠲᠡᠮᠦᠷ ᠵᠠᠮ ᠤᠨ 12306 APP ᠪᠠᠷ ᠳᠡᠮᠵᠢᠨ ᠲᠡᠷᠭᠡᠨ ᠳᠤ ᠰᠠᠭᠤᠬᠤ ᠲᠦᠷ ᠴᠠᠭ ᠤᠨ | ᠡᠯᠧᠺᠲᠷᠣᠨ ᠪᠡᠶ᠎ᠡ ᠶᠢᠨ ᠦᠨᠡᠮᠯᠡᠯ ᠠᠪᠴᠤ ᠪᠣᠯᠤᠨ᠎ᠠ᠃ | |