95120 ᠲᠤᠰᠬᠠᠶ ᠨᠣᠮᠧᠷ ᠢ ᠡᠬᠢᠯᠡᠨ ᠬᠡᠷᠡᠭᠯᠡᠪᠡ︕
ᠨᠡᠶᠢᠲᠡᠯᠡᠭᠰᠡᠨ ᠴᠠᠭ᠄
2023/7/14
       ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ  ᠲᠣᠪᠴᠢᠶ᠎ᠠ   ᠶᠢᠨ   ᠬᠢᠨ  95120  ᠨᠣᠮᠧᠷ ᠢ  ᠪᠥᠬᠦ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠳᠠᠰᠤ ᠶᠢᠨ  ᠬᠠᠯᠳᠠᠪᠤᠷᠢᠲᠤ  ᠡᠪᠡᠳᠴᠢᠨ   ᠤ  ᠪᠠᠶᠢᠴᠠᠭᠠᠯᠳᠠ   ᠶᠢᠨ ᠲᠤᠰᠬᠠᠶ ᠨᠣᠮᠧᠷ ᠪᠤᠯᠭᠠᠨ ᠡᠬᠢᠯᠡᠨ ᠬᠡᠷᠡᠭᠯᠡᠪᠡ᠃                ᠤᠯᠤᠰ ᠤᠨ  ᠡᠪᠡᠳᠴᠢᠨ  ᠡᠮᠭᠡᠭ ᠢ  ᠰᠡᠷᠭᠡᠶᠢᠯᠡᠨ  ᠡᠵᠡᠮᠳᠡᠬᠦ  ᠲᠣᠪᠴᠢᠶ᠎ᠠ  ᠠᠵᠤ  ᠦᠢᠯᠡᠳᠪᠦᠷᠢ   ᠪᠠ   ᠮᠡᠳᠡᠭᠡ ᠵᠠᠩᠭᠢᠵᠢᠯᠲᠠ ᠶᠢᠨ ᠶᠠᠮᠤᠨ ᠲᠠᠢ ᠬᠠᠮᠲᠤᠷᠠᠨ 95120 ᠣᠬᠤᠷ ᠨᠣᠮᠧᠷ ᠢ ᠪᠥᠬᠦ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠳᠠᠰᠤ ᠶᠢᠨ ᠬᠠᠯᠳᠠᠪᠤᠷᠢᠲᠤ ᠡᠪᠡᠳᠴᠢᠨ ᠤ ᠪᠠᠶᠢᠴᠠᠭᠠᠯᠳᠠ ᠶᠢᠨ  ᠲᠤᠰᠬᠠᠶ  ᠨᠣᠮᠧᠷ  ᠪᠣᠯᠭᠠᠬᠤ ᠪᠠᠷ  ᠲᠣᠭᠲᠠᠭᠠᠵᠤ᠂ ᠣᠶᠢᠷ᠎ᠠ ᠳᠤ ᠪᠥᠬᠦ ᠤᠯᠤᠰ ᠤᠨ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ  ᠵᠢᠩᠬᠢᠨᠢ ᠪᠠᠷ ᠡᠬᠢᠯᠡᠨ ᠬᠡᠷᠡᠭᠯᠡᠪᠡ᠂ ᠡᠨᠡ ᠪᠣᠯ ᠰᠤᠷᠪᠤᠯᠵᠢᠯᠠᠭᠴᠢ 6 ᠤ  ᠡᠳᠦᠷ  ᠤᠯᠤᠰ ᠤᠨ  ᠡᠪᠡᠳᠴᠢᠨ  ᠡᠮᠭᠡᠭ ᠢ  ᠰᠡᠷᠭᠡᠶᠢᠯᠡᠨ  ᠡᠵᠡᠮᠳᠡᠬᠦ ᠲᠣᠪᠴᠢᠶ᠎ᠠ ᠠᠴᠠ ᠣᠶᠢᠯᠠᠭᠠᠭᠰᠠᠨ ᠮᠡᠳᠡᠭᠡ ᠵᠠᠩᠭᠢ ᠪᠣᠯᠤᠨ᠎ᠠ᠃                ᠬᠠᠯᠳᠠᠪᠤᠷᠢᠲᠤ ᠡᠪᠡᠳᠴᠢᠨ ᠤ ᠵᠢᠱᠢᠶ᠎ᠡ ᠶᠢ ᠡᠷᠲᠡ ᠢᠯᠡᠷᠡᠭᠦᠯᠬᠦ᠂  ᠡᠷᠲᠡ  ᠮᠡᠳᠡᠭᠦᠯᠬᠦ ᠳᠤ  ᠮᠠᠰᠢ  ᠴᠢᠬᠤᠯᠠ  ᠶᠤᠮ᠃ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ ᠠᠵᠢᠯ ᠳᠤ ᠭᠤᠤᠯᠳᠠᠭᠤ ᠠᠬᠤᠶ  ᠲᠠᠯᠠᠪᠠᠶ   ᠳᠤ  ᠨᠢᠭᠤᠷᠳᠡᠵᠦ  ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ ᠠᠷᠭ᠎ᠠ ᠶᠢ ᠠᠪᠤᠨ᠎ᠠ᠂ ᠤᠳᠠᠰᠤ ᠪᠠᠷ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠬᠢᠬᠦ  ᠪᠤᠯ ᠪᠠᠶᠢᠴᠠᠭᠠᠭᠳᠠᠬᠤ ᠡᠲᠡᠭᠡᠳ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠲᠦᠷᠭᠡᠨ ᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号