ᠰᠣᠶᠣᠯ ᠤᠨ IP ᠶᠢᠨ ᠪᠦᠲᠦᠭᠡᠯᠴᠢ ᠲᠥᠰᠥᠪᠯᠡᠯ ᠤᠨ ᠰᠢᠯᠢᠳᠡᠭ ᠪᠦᠲᠦᠭᠡᠯ ᠢ ᠳᠡᠯᠭᠡᠨ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/7/14
     ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ  ᠤ ᠰᠣᠶᠣᠯ ᠤᠨ ᠲᠦᠷᠦᠯ ᠲᠡᠮᠳᠡᠭ ︵IP︶ ᠤᠨ ᠪᠦᠲᠦᠭᠡᠯᠴᠢ ᠲᠥᠰᠥᠪᠯᠡᠯ ᠤᠨ ᠤᠷᠤᠯᠳᠤᠭᠠᠨ ᠤ ᠰᠢᠯᠢᠳᠡᠭ ᠪᠦᠲᠦᠭᠡᠯ ᠢ ᠳᠡᠯᠭᠡᠨ ᠦᠵᠡᠭᠦᠯᠵᠦ᠂ ᠰᠣᠶᠣᠯ ᠤᠨ ᠪᠦᠲᠦᠭᠡᠯᠴᠢ ᠵᠢᠷᠤᠭ ᠲᠥᠯᠥᠪᠯᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠰᠢᠯᠢᠳᠡᠭ ᠪᠦᠲᠦᠭᠡᠯ ᠢ ᠪᠣᠳᠠᠲᠠᠶᠢᠵᠢᠭᠤᠯᠤᠨ ᠬᠤᠪᠢᠷᠠᠭᠤᠯᠬᠤ ᠶᠢ ᠠᠬᠢᠭᠤᠯᠵᠤ ᠪᠠᠶᠢᠨ᠎ᠠ᠃      ᠲᠤᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠤ ᠴᠢᠬᠤᠯᠠ ᠠᠵᠢᠯᠯᠠᠭ᠎ᠠ ᠶᠢᠨ ᠨᠢᠭᠡ ᠪᠣᠯᠤᠭᠰᠠᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠰᠣᠶᠣᠯ ᠤᠨ ᠲᠦᠷᠦᠯ ᠲᠡᠮᠳᠡᠭ ︵IP︶ ᠤᠨ ᠪᠦᠲᠦᠭᠡᠯᠴᠢ ᠲᠥᠰᠥᠪᠯᠡᠯ ᠤᠨ ᠤᠷᠤᠯᠳᠤᠭᠠᠨ ᠨᠢ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦ ᠶᠢᠨ ᠬᠥᠨᠥᠭ︾᠂ ︽ᠨᠣᠣᠯᠣᠭᠤᠷ ᠤᠨ ᠬᠤᠲᠠ︾ ᠳᠥᠷᠪᠡᠨ ᠶᠡᠭᠡ ᠰᠣᠶᠣᠯ ᠤᠨ ᠲᠦᠷᠦᠯ ᠲᠡᠮᠳᠡᠭ ︵IP︶ ᠤᠨ ᠲᠣᠭᠤᠷᠢᠨ ᠳᠤ ᠪᠦᠭᠦ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠠᠬᠤᠶᠢᠯᠠᠯ ᠤᠨ ᠲᠦᠷᠦᠯ ᠲᠡᠮᠳᠡᠭ ᠤᠨ ᠳᠦᠷᠢ ᠲᠥᠷᠬᠦ᠂ ᠠᠵᠤ ᠠᠬᠤᠶᠢᠯᠠᠯ ᠤᠨ ᠲᠠᠸᠠᠷ ᠤᠨ ᠲᠡᠮᠳᠡᠭ᠂ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠮᠡᠲᠦ ᠶᠢᠨ ᠬᠡᠷᠡᠭᠴᠡᠭᠡ ᠱᠠᠭᠠᠷᠳᠠᠯᠭ᠎ᠠ ᠶᠢ ᠬᠤᠷᠢᠶᠠᠩᠭᠤᠶᠢᠯᠠᠭᠰᠠᠨ ᠰᠠᠭᠤᠷᠢᠨ ᠳᠡᠭᠡᠷ᠎ᠡ ᠪᠦᠭᠦ ᠤᠯᠤᠰ ᠤᠨ ᠰᠣᠶᠣᠯ ᠤᠨ ᠪᠦᠲᠦᠭᠡᠯᠴᠢ ᠲᠥᠰᠥᠪᠯᠡᠯ ᠤᠨ ᠵᠢᠷᠤᠭ ᠲᠥᠯᠥᠪᠯᠡᠭᠡ ᠶᠢᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠪᠠ ᠬᠤᠪᠢ ᠬᠥᠮᠥᠨ ᠠᠴᠠ ᠪᠦᠲᠦᠭᠡᠯ ᠡᠯᠰᠡᠵᠡᠢ᠃ ᠡᠭᠦᠨ ᠳᠤ ᠵᠢᠷᠤᠵᠤ ᠲᠥᠯᠥᠪᠯᠡᠬᠦ ᠤᠷᠤᠯᠳᠤᠭᠠᠨ ᠪᠠ ᠪᠣᠳᠠᠲᠤ ᠪᠣᠳᠠᠰ ᠤᠨ ᠤᠷᠤᠯᠳᠤᠭᠠᠨ ᠲᠣᠬᠢᠷᠠᠭᠤᠯᠵᠤ᠂ ᠵᠢᠷᠤᠵᠤ ᠲᠥᠯᠥᠪᠯᠡᠬᠦ ᠤᠷᠤᠯᠳᠤᠭᠠᠨ ᠳᠤ ᠮᠠᠨ ᠤ ᠣᠷᠣᠨ ᠤ ᠰᠣᠶᠣᠯ ᠤᠨ ᠲᠦᠷᠦᠯ ᠲᠡᠮᠳᠡᠭ ᠤᠨ ᠵᠢᠷᠤᠭ ᠲᠥᠯᠥᠪᠯᠡᠭᠡ ᠶᠢᠨ ᠬᠡᠷᠡᠭᠴᠡᠭᠡ  ᠶᠢ ᠦᠨᠳᠦᠰᠦᠯᠡᠨ ᠪᠦᠭᠦ ᠤᠯᠤᠰ ᠤᠨ ᠬᠡᠪᠴᠢᠶᠡᠨ ᠠᠴᠠ ᠤᠷᠤᠯᠳᠤᠭᠠᠨ ᠳᠤ ᠣᠷᠤᠯᠴᠠᠬᠤ ᠪᠦᠲᠦᠭᠡᠯ ᠢ ᠣᠨᠣᠪᠴᠢᠲᠠᠶ ᠡᠯᠰᠡᠵᠦ᠂ 24 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠲᠤᠭᠢᠷᠠᠭᠤᠯᠪᠠ;  ᠪᠣᠳᠠᠲᠤ ᠪᠣᠳᠠᠰ  ᠤᠨ ᠤᠷᠤᠯᠳᠤᠭᠠᠨ ᠳᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠢᠭᠡᠨᠲᠡ ᠵᠠᠬ᠎ᠠ ᠳᠡᠯᠭᠡᠭᠦᠷ ᠤᠨ ᠭᠦᠢᠯᠭᠡᠭᠡᠨ  ᠳᠤ ᠣᠷᠣᠭᠤᠯᠤᠭᠰᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠶᠢᠨ ᠪᠦᠲᠦᠭᠡᠯ ᠠᠴᠠ ᠰᠢᠯᠢᠳᠡᠭ ᠪᠦᠲᠦᠭᠡᠯ ᠡᠯᠰᠡᠵᠦ᠂ 6 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠲᠣᠬᠢᠷᠠᠭᠤᠯᠪᠠ᠃ ᠪᠠᠰᠠ ᠰᠢᠯᠢᠳᠡᠭ ᠵᠢᠯᠣᠭᠤᠳᠤᠭᠴᠢ ᠪᠠᠭᠰᠢ ᠶᠢᠨ ᠱᠠᠩᠨᠠᠯ᠂ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠪᠦᠯᠭᠦᠮ ᠤᠨ ᠵᠣᠬᠢᠶᠠᠨ ᠪᠠᠶᠢᠭᠤᠯᠤᠭᠴᠢ ᠶᠢᠨ ᠱᠠᠩᠨᠠᠯ ᠵᠡᠷᠭᠡ ᠤᠯᠠᠨ ᠲᠦᠷᠦᠯ ᠤᠨ ᠱᠠᠩᠨᠠᠯ ᠢ ᠲᠤᠰᠬᠠᠶᠢᠯᠠᠨ ᠲᠣᠬᠢᠷᠠᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号