ᠲᠠᠩᠰᠤᠭ ᠰᠠᠶᠢᠬᠠᠨ ᠰᠤᠷᠭᠠᠭᠤᠯᠢ ᠶᠢᠨ ᠬᠦᠷᠢᠶᠡᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠦᠴᠦᠸᠠᠨ ᠰᠢᠶᠠᠨ ᠬᠤᠷᠢᠨ ᠨᠢᠭᠡᠳᠦᠭᠡᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠢ ᠡᠷᠭᠢᠯᠡᠪᠡ
ᠨᠡᠶᠢᠲᠡᠯᠡᠭᠰᠡᠨ ᠴᠠᠭ᠄
2023/7/17
      7 ᠰᠠᠷ᠎ᠠ   ᠶᠢᠨ 13 ᠤ ᠡᠳᠦᠷ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠬᠤᠷᠢᠨ ᠨᠢᠭᠡᠳᠦᠭᠡᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠮᠠᠨ ᠤ ᠰᠢᠶᠠᠨ ᠤ ᠴᠢᠩ ᠱᠠᠨ ᠲᠣᠭᠯᠠᠯᠲᠠ ᠶᠢᠨ ᠲᠠᠯᠠᠪᠠᠶ ᠳᠤ ᠶᠠᠪᠤᠭᠳᠠᠪᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠰᠣᠶᠣᠯ ᠤᠷᠠᠯᠢᠭ ᠤᠨ ᠨᠠᠶᠢᠷ ᠢ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠪᠦᠯᠦᠭᠯᠡᠯ ᠤᠨ ᠦᠴᠦᠸᠠᠨ ᠰᠢᠶᠠᠨ ᠤ ᠬᠤᠪᠢᠶᠠᠷᠢ ᠺᠣᠮᠫᠠᠨᠢ ᠠᠴᠠ ᠳᠡᠮᠵᠢᠵᠦ᠂ ︽ᠲᠠᠩᠰᠤᠭ ᠰᠠᠶᠢᠬᠠᠨ ᠰᠤᠷᠭᠠᠭᠤᠯᠢ ᠶᠢᠨ ᠬᠦᠷᠢᠶᠡᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪ ᠢᠶᠠᠷ ᠪᠥᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠠᠴᠠ ᠨᠡᠶᠢᠲᠡ 26 ᠰᠢᠯᠢᠳᠡᠭ ᠲᠣᠭᠯᠠᠯᠲᠠ ᠶᠢ ᠰᠣᠩᠭᠤᠵᠤ ᠲᠥᠪᠯᠡᠷᠡᠭᠦᠯᠦᠨ ᠲᠣᠭᠯᠠᠬᠤ ᠪᠣᠯᠣᠨ᠎ᠠ᠃ ᠠᠵᠢᠯᠯᠠᠭ᠎ᠠ ᠶᠢᠨ ᠬᠡᠯᠪᠡᠷᠢ ᠨᠢ ᠤᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ᠂ ᠭᠤᠶᠢᠳᠠ ᠰᠠᠶᠢᠬᠠᠨ ᠪᠠᠶᠢᠵᠤ᠂ ᠪᠥᠵᠢᠭ᠂ ᠤᠷᠠᠨ ᠤᠩᠰᠢᠯᠭ᠎ᠠ᠂ ᠨᠠᠶᠢᠷᠠᠯ ᠳᠠᠭᠤᠤ᠂ ᠲᠠᠶᠢᠰᠠᠨ ᠤ ᠵᠦᠴᠦᠭᠡ ᠵᠡᠷᠭᠡ ᠲᠣᠭᠯᠠᠯᠲᠠ ᠲᠠᠢ᠂ ᠰᠤᠷᠤᠭᠴᠢᠳ ᠬᠠᠩᠭᠢᠨᠠᠮ᠎ᠠ ᠳᠠᠭᠤᠤ᠂ ᠢᠷᠠᠭᠤ ᠰᠠᠶᠢᠬᠠᠨ ᠪᠥᠵᠢᠭ ᠤᠨ ᠳᠦᠷᠢ᠂ ᠪᠣᠷᠣᠭᠵᠢᠭᠤᠨ ᠦᠭᠡ ᠶᠠᠷᠢᠶ᠎ᠠ ᠪᠠᠷ ᠵᠠᠯᠠᠭᠤᠴᠤᠳ ᠪᠠᠭᠠᠴᠤᠳ ᠤᠨ ᠠᠰᠪᠤᠷ ᠴᠠᠭᠠᠪᠤᠷ ᠴᠣᠪᠣᠭᠤ ᠰᠡᠷᠭᠦᠯᠡᠩ᠂ ᠴᠢᠷᠮᠠᠶᠢᠨ ᠰᠤᠷᠤᠯᠴᠠᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠪᠦᠬᠦ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠪᠠ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃
     ᠣᠶᠢᠷ᠎ᠠ ᠶᠢᠨ ᠵᠢᠯ ᠠᠴᠠ ᠨᠠᠰᠢ᠂ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠰᠤᠷᠭᠠᠨ ᠬᠥᠮᠦᠵᠢᠯ ᠢ ᠢᠮᠠᠭᠲᠠ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠲᠠᠰᠤᠷᠠᠯᠳᠠ ᠦᠭᠡᠢ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠪᠠᠨ ᠰᠢᠨᠡᠳᠬᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠤᠷᠭᠠᠨ ᠬᠥᠮᠦᠵᠢᠯ ᠤᠨ ᠪᠠᠶᠢᠷᠢᠰᠢᠯ ᠪᠠ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠂ ᠰᠤᠷᠭᠠᠭᠤᠯᠢ ᠡᠷᠬᠢᠯᠡᠬᠦ ᠨᠥᠬᠦᠴᠡᠯ ᠢ ᠢᠳᠡᠪᠬᠢᠲᠡᠢ ᠰᠠᠶᠢᠵᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠨ ᠠᠴᠠ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠲᠤ ᠭᠦᠨᠵᠡᠭᠡᠢ ᠬᠤᠪᠢᠷᠠᠯᠲᠠ ᠭᠠᠷᠴᠤ᠂ ᠬᠥᠮᠥᠰ ᠤᠨ ᠠᠩᠬᠠᠷᠤᠯ ᠢ ᠲᠠᠲᠠᠭᠰᠠᠨ ᠠᠮᠵᠢᠯᠲᠠ ᠣᠯᠣᠭᠰᠠᠨ ᠪᠠᠶᠢᠨ᠎ᠠ᠃ ᠲᠣᠰ ᠤᠳᠠᠭᠠᠨ ᠤ ᠤᠷᠠᠯᠢᠭ ᠤᠨ ᠪᠠᠶᠠᠷ ᠢ ᠠᠮᠵᠢᠯᠲᠠ ᠲᠠᠢ ᠡᠷᠭᠢᠯᠡᠭᠰᠡᠨ ᠨᠢ ᠮᠠᠨ ᠤ ᠰᠢᠶᠠᠨ ᠤ ᠪᠠᠭᠰᠢ ᠰᠤᠷᠤᠭᠴᠢᠳ ᠤᠨ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠢᠲᠡᠭᠡᠯ ᠬᠦᠴᠦᠷᠬᠡᠭᠵᠢᠯ ᠲᠠᠢ᠂ ᠪᠦᠯᠬᠦᠮᠳᠡᠨ ᠬᠠᠮᠵᠢᠯᠴᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠵᠤ᠂ ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ ᠡᠷᠡᠭᠦᠯ ᠰᠠᠷᠠᠭᠤᠯ ᠥᠭᠡᠳᠡᠷᠬᠡᠭ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号