ᠦᠴᠦᠸᠠᠨ ᠰᠢᠶᠠᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/7/17
     ᠮᠠᠨ ᠤ ᠰᠢᠶᠠᠨ ᠤ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠶᠢᠨ ᠲᠥᠯᠥᠭᠡ᠂ ᠪᠥᠬᠦ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠰᠢᠶᠠᠨ᠂ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠪᠠᠶᠢᠷᠢᠰᠢᠯ ᠢ ᠪᠠᠶᠢᠭᠤᠯᠵᠤ᠂ ︽ᠶᠠᠪᠠᠭᠠᠨ ᠢᠶᠠᠷ 15 ᠮᠢᠨᠦ᠋ᠲ ᠲᠤ ᠬᠦᠷᠬᠦ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾  ᠢ  ᠪᠠᠶᠢᠭᠤᠯᠤᠨ᠎ᠠ  ᠃ 7 ᠰᠠᠷ᠎ᠠ ᠶᠢᠨ 12 ᠤᠨ ᠡᠳᠦᠷ᠂ ᠦᠴᠦᠸᠠᠨ ᠰᠢᠶᠠᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠥᠪ ᠤᠨ ᠬᠠᠮᠢᠶ᠎ᠠ ᠪᠦᠬᠦᠢ ᠠᠵᠢᠯᠲᠠᠨ᠂ ᠡᠯ᠎ᠡ ᠰᠢᠶᠠᠩ ᠪᠠᠯᠭᠠᠰᠤᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠮᠴᠢᠯᠡᠭᠡᠨ ᠤ ᠪᠠᠲᠤᠯᠠᠭ᠎ᠠ ᠶᠢᠨ ᠲᠤᠰᠬᠠᠢ ᠲᠤᠰᠢᠶᠠᠯᠲᠤ ᠠᠵᠢᠯᠲᠠᠨ᠂ ᠪᠥᠬᠦ ᠰᠢᠶᠠᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ᠂ ᠦᠢᠯᠡᠴᠢᠯᠡᠭᠡᠨ ᠤ ᠴᠡᠭ ᠤᠨ ᠠᠵᠢᠯᠲᠠᠨ ᠪᠣᠯᠪᠠᠰᠤᠷᠠᠯ ᠳᠤ ᠣᠷᠤᠯᠴᠠᠪᠠ᠃
     ᠪᠣᠯᠪᠠᠰᠤᠷᠠᠯ ᠤᠨ ᠠᠩᠭᠢ ᠳᠤ᠂ ᠮᠠᠨ ᠤ ᠰᠢᠶᠠᠨ ᠤ 9 ᠰᠢᠶᠠᠩ ᠪᠠᠯᠭᠠᠰᠤᠨ ᠳᠤ ︽ᠦᠴᠦᠸᠠᠨ ᠰᠢᠶᠠᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠡᠭ ᠤᠨ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ︾ ᠢ ᠬᠠᠮᠲᠤ ᠪᠠᠷ ᠣᠯᠭᠤᠵᠤ᠂ ᠡᠭᠦᠨ ᠤ ᠳᠠᠷᠠᠭ᠎ᠠ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠲᠤᠰᠬᠠᠢ ᠮᠡᠷᠭᠡᠵᠢᠯᠲᠡᠨ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ᠂ ᠦᠢᠯᠡᠴᠢᠯᠡᠭᠡᠨ ᠤ ᠴᠡᠭ ᠢ ᠳᠣᠷᠣᠭᠰᠢ ᠪᠠᠭᠤᠯᠭᠠᠬᠤ ᠵᠦᠢᠯᠡᠰ ᠪᠠ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠶᠠᠪᠤᠴᠠ᠂  ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠪᠣᠳᠠᠲᠠᠢ ᠠᠵᠢᠯᠯᠠᠭ᠎ᠠ ᠵᠡᠷᠭᠡ ᠠᠵᠢᠯ ᠤᠨ ᠠᠭᠤᠯᠭ᠎ᠠ ᠶᠢᠨ ᠲᠣᠭᠤᠷᠢᠨ ᠳᠤ ᠣᠯᠠᠨ ᠳᠤ ᠨᠠᠷᠢᠨ ᠲᠠᠶᠢᠯᠤᠮᠵᠢ ᠪᠠ ᠪᠣᠯᠪᠠᠰᠤᠷᠠᠯ ᠬᠢᠵᠡᠢ᠃      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠮᠠᠨ ᠤ ᠰᠢᠶᠠᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠠᠵᠢᠯ ᠤᠨ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠭᠠᠷᠲᠠᠨ ᠭᠦᠢᠴᠡᠳᠬᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠠᠵᠢᠯ ᠢ ᠨᠠᠩ ᠰᠠᠶᠢᠲᠤᠷ ᠥᠷᠨᠢᠭᠦᠯᠬᠦ ᠶᠢ ᠠᠬᠢᠭᠤᠯᠵᠤ᠂ ︽ᠶᠠᠪᠠᠭᠠᠨ ᠢᠶᠠᠷ 15 ᠮᠢᠨᠦ᠋ᠲ ᠲᠤ ᠬᠦᠷᠬᠦ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠬᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠨᠡᠪᠲᠡᠷᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠣᠨ᠎ᠠ᠃      ᠳᠠᠷᠠᠭ᠎ᠠ ᠶᠢᠨ ᠠᠯᠬᠤᠮ ᠳᠤ᠂ ᠮᠠᠨ ᠤ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠ ᠲᠤᠬᠠᠶᠢᠯᠠᠭᠰᠠᠨ ᠠᠵᠢᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠴᠡᠭ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ ᠪᠤᠳᠠᠳᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠳᠤ ᠬᠠᠮᠲᠤᠪᠠᠷ ᠬᠠᠮᠵᠢᠯᠴᠠᠵᠤ᠂ ᠡᠭᠦᠨ ᠤ ᠤᠯᠠᠮ ᠢᠶᠠᠷ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠡᠭ ᠢ ᠦᠨᠡᠨ ᠬᠦ ︽ᠪᠠᠶᠢᠭᠤᠯᠵᠤ᠂ ᠬᠡᠷᠡᠭᠯᠡᠵᠦ︾᠂ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ︽ᠣᠶᠢᠷ᠎ᠠ ᠬᠠᠪᠢ ᠳᠤᠨᠢ ᠭᠦᠢᠴᠡᠳᠬᠡᠬᠦ︾ ︽ᠲᠦᠷᠭᠡᠨ ᠭᠦᠢᠴᠡᠳᠬᠡᠬᠦ︾ ︽ᠰᠡᠳᠬᠢᠯ ᠢ ᠳᠤᠯᠠᠭᠠᠴᠠᠭᠤᠯᠤᠨ ᠭᠦᠢᠴᠡᠳᠬᠡᠬᠦ︾ ᠶᠢ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号