ᠪᠡᠭᠡᠵᠢᠩ ᠬᠤᠳᠠ ᠶᠢᠨ ᠮᠧᠨ ᠲᠧᠦ ᠭᠧᠦ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠦᠴᠦᠸᠠᠨ ᠰᠢᠶᠠᠨ ᠳᠤ ᠬᠦᠷᠴᠦ ᠳᠡᠮᠵᠢᠨ ᠬᠠᠮᠵᠢᠯᠴᠠᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2023/7/18
      7 ᠰᠠᠷ᠎ᠠ ᠶᠢᠨ 13 ᠤ ᠡᠳᠦᠷ᠂ ᠪᠡᠭᠡᠵᠢᠩ ᠬᠤᠳᠠ ᠶᠢᠨ ᠮᠧᠨ ᠲᠧᠦ ᠭᠧᠦ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠮᠠᠨ ᠤ ᠰᠢᠶᠠᠨ ᠳᠤ ᠬᠦᠷᠴᠦ ᠳᠡᠮᠵᠢᠨ ᠬᠠᠮᠵᠢᠯᠴᠠᠬᠤ ᠠᠵᠢᠯ ᠥᠷᠨᠢᠭᠦᠯᠪᠡ᠃      ᠮᠧᠨ ᠲᠧᠦ ᠭᠧᠦ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠵᠠᠨ ᠵᠢᠶᠦ᠋ᠨ ᠶᠠᠷᠢᠯᠴᠠᠬᠤ ᠬᠤᠷᠠᠯ ᠳᠡᠭᠡᠷ᠎ᠡ᠂ ᠦᠴᠦᠸᠠᠨ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠶᠡᠬᠡᠪᠡᠷ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ ᠭᠡᠵᠦ ᠢᠯᠡᠳᠬᠡᠪᠡ᠃ ᠦᠴᠦᠸᠠᠨ ᠰᠢᠶᠠᠨ ᠤ ᠦᠵᠡᠮᠵᠢ ᠰᠠᠶᠢᠬᠠᠨ᠂  ᠰᠣᠶᠣᠯ ᠤᠨ ᠠᠭᠤᠯᠬᠤᠨ ᠭᠦᠨ ᠵᠤᠵᠠᠭᠠᠨ᠂ ᠥᠨᠢ ᠤᠳᠠᠭᠠᠨ ᠲᠡᠦᠬᠡ ᠲᠠᠢ᠂ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠶᠤᠮ᠂ ᠬᠤᠶᠠᠷ ᠭᠠᠵᠠᠷ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠬᠥᠭᠵᠢᠯᠲᠡ ᠶᠢᠨ ᠣᠷᠣᠨ ᠵᠠᠢ ᠶᠡᠭᠡ᠂ ᠬᠠᠮᠲᠤᠷᠠᠯᠴᠠᠭᠠᠨ ᠤ ᠠᠷᠭ᠎ᠠ᠂ ᠠᠭᠤᠯᠭ᠎ᠠ ᠶᠢ ᠲᠠᠰᠤᠷᠠᠯᠲᠠ ᠦᠭᠡᠢ ᠥᠷᠭᠡᠳᠬᠡᠬᠦ ᠴᠢᠬᠤᠯᠠᠲᠠᠢ ︔ ᠬᠤᠶᠠᠷ ᠭᠠᠵᠠᠷ ᠤᠨ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠰᠤᠷᠤᠯᠴᠠᠯᠭ᠎ᠠ ᠰᠣᠯᠢᠯᠴᠠᠭ᠎ᠠ ᠪᠠᠷ ᠳᠠᠮᠵᠢᠨ ᠨᠢᠭᠲᠠ ᠬᠠᠷᠢᠯᠴᠠᠵᠤ᠂ ᠬᠠᠷᠢᠯᠴᠠᠭ᠎ᠠ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠭᠠᠵᠠᠷ ᠤᠨ ᠠᠵᠤ ᠠᠬᠤᠶᠢᠯᠠᠯᠲᠠᠳ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠲᠤᠪᠠᠷ ᠬᠤᠳᠠᠯᠳᠤᠭᠠᠨ ᠤ ᠠᠵᠠ ᠲᠣᠬᠢᠶᠠᠯ ᠢ ᠡᠷᠢᠯᠬᠢᠯᠡᠵᠦ᠂ ᠨᠡᠩ ᠰᠠᠶᠢᠨ ᠬᠥᠭᠵᠢᠯᠲᠡ ᠶᠢᠨ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠣᠶᠢᠯᠠᠭᠠᠭᠰᠠᠨ ᠢᠶᠠᠷ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠮᠧᠨ ᠲᠧᠦ ᠭᠧᠦ ᠲᠣᠭᠤᠷᠢᠭ ᠤᠨ ᠳᠡᠮᠵᠢᠨ ᠬᠠᠮᠵᠢᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠰ ᠤᠳᠠᠭᠠᠨ ᠤ ᠠᠵᠢᠯ ᠤᠨ ᠰᠣᠯᠢᠯᠴᠠᠭ᠎ᠠ ᠨᠢ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ᠂ ᠦᠴᠦᠸᠠᠨ ᠰᠢᠶᠠᠨ ᠤ ᠠᠷᠠᠳ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ ᠦᠴᠦᠸᠠᠨ ᠰᠢᠶᠠᠨ ᠤ ᠰᠢᠯᠢᠳᠡᠭ ᠠᠵᠤ ᠠᠬᠤᠶᠢᠯᠠᠯ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠠᠳᠠᠭᠠᠳᠤ ᠳᠤ ᠲᠠᠨᠢᠯᠴᠠᠭᠤᠯᠤᠭᠰᠠᠨ ᠪᠠᠶᠢᠨ᠎ᠠ᠃ ᠬᠤᠶᠢᠰᠢᠳᠠ᠂ ᠬᠤᠶᠠᠷ ᠭᠠᠵᠠᠷ ᠤᠨ  ᠬᠢᠨ ᠪᠡᠭᠡᠵᠢᠩ ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠬᠠᠮᠵᠢᠯᠴᠠᠭᠠᠨ ᠤ ᠬᠠᠷᠠᠭᠠᠰᠤ ᠠᠴᠠ ᠭᠦᠨᠵᠡᠭᠡᠢ ᠵᠣᠯᠭᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠥᠷᠨᠢᠩᠭᠦᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃      ᠬᠤᠷᠠᠯ ᠠᠴᠠ ᠮᠠᠨ ᠤ ᠰᠢᠶᠠᠨ ᠤ ᠲᠡᠦᠬᠡ ᠶᠢᠨ ᠬᠤᠪᠢᠰᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠶᠡᠷᠦᠩᠬᠡᠶᠢᠯᠡᠭᠰᠡᠨ ᠲᠣᠭᠠᠴᠢᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠶᠠᠷ ᠭᠠᠵᠠᠷ ᠤᠨ ᠠᠵᠤ ᠠᠬᠤᠶᠢᠯᠠᠯᠲᠠᠳ ᠠᠵᠤ ᠠᠬᠤᠶᠢᠯᠠᠯ ᠤᠨ ᠲᠣᠶᠢᠮᠣ ᠪᠠᠶᠢᠳᠠᠯ᠂ ᠦᠢᠯᠡᠳᠪᠦᠷᠢᠯᠡᠯ ᠤᠨ ᠬᠡᠪᠴᠢᠶ᠎ᠡ᠂ ᠣᠨᠴᠠᠯᠢᠭᠲᠤ ᠦᠢᠯᠡᠳᠬᠦᠨ ᠵᠡᠷᠭᠡ ᠲᠠᠯ᠎ᠠ ᠪᠠᠷ ᠲᠠᠨᠢᠯᠴᠠᠭᠤᠯᠭ᠎ᠠ ᠰᠣᠯᠢᠯᠴᠠᠭ᠎ᠠ ᠬᠢᠵᠦ᠂ ᠬᠠᠮᠲᠤᠷᠠᠯᠴᠠᠭᠠᠨ ᠤ ᠰᠠᠨᠠᠮᠵᠢ ᠶᠢ ᠴᠢᠨᠠᠭᠰᠢᠳᠠ ᠵᠥᠪᠳᠡᠭᠰᠡᠨ ᠪᠥᠭᠡᠳ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号